| 3 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ | ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠬᠠᠮᠰᠠᠷ ᠠᠴᠠ ᠪᠠᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠭᠡᠵᠦ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ | ᠡᠮ ᠤᠨ ᠵᠦᠢᠯᠡᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ | ᠬᠦᠷᠢᠶ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ | ᠴᠢᠨᠠᠭᠰᠢᠳᠠ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ | ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠠᠶᠤᠯ ᠲᠦᠭᠰᠢᠭᠦᠷᠢ ᠶᠢᠨ ᠬᠡᠮ | ᠰᠣᠭᠤᠭ ᠢ ᠪᠠᠶᠢᠴᠠᠭᠠᠬᠤ ᠲᠣᠭᠲᠠᠴᠠ ᠶᠢᠨ ᠪᠠᠶᠢᠭᠤᠯᠤᠯᠲᠠ ᠶᠢ ᠰᠢᠰᠲᠤᠮ ᠲᠠᠢ ᠠᠬᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ | ᠬᠢᠩᠭᠠᠨ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠵᠢᠴᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠸᠢᠳᠢᠣ᠋ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ︽ | ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ | ᠥᠭᠡᠷᠡᠴᠢᠯᠡᠯᠲᠡ ᠶᠢᠨ ᠰᠡᠳᠭᠢᠬᠦᠢ ᠪᠠᠷ ᠪᠣᠳᠠᠲᠥ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠷᠭ᠎ᠠ ᠪᠠᠷᠢᠯ ᠢᠶᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠴᠢᠨᠰᠠᠭ᠎ᠠ | ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ | ᠳᠡᠮᠵᠢᠯᠭᠡ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠶ ᠠᠬᠢᠭᠤᠯᠬᠤ ᠬᠠᠮᠢᠶ᠎ᠠ ᠪᠦᠬᠦᠢ ᠠᠵᠢᠯ ᠢ ᠰᠤᠳᠤᠯᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠠᠷᠠᠯᠲᠠ ᠪᠠᠨ ᠲᠣᠭᠲᠠᠭᠠᠵᠤ᠂ ᠬᠥᠳᠡᠭᠡ | ᠲᠣᠰᠬᠤᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ | ᠡᠵᠡᠩᠨᠡᠯᠲᠡ ᠶᠢᠨ ᠰᠢᠰᠲ᠋ᠧᠮ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠠᠭᠤᠰᠤᠯᠴᠠᠭᠤᠯᠤᠨ ᠲᠡᠰ ᠳᠡᠪᠰᠢᠭᠦᠯᠬᠦ | ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠳᠤ ᠲᠤᠯᠭᠠᠷᠠᠵᠤ ᠪᠠᠶᠢᠭ᠎ᠠ ᠡᠯ᠎ᠡ ᠲᠥᠷᠥᠯ ᠤᠨ ᠵᠥᠷᠢᠴᠡᠯ ᠪᠣᠯᠤᠨ ᠠᠰᠠᠭᠤᠳᠠᠯ ᠢ | ᠰᠢᠰᠲ᠋ᠧᠮᠵᠢᠭᠦᠯᠦᠨ ᠰᠢᠢᠳᠪᠦᠷᠢᠯᠡᠵᠦ᠂ ᠳᠡᠯᠭᠡᠷᠡᠭᠦᠯᠵᠦ ᠪᠣᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠠᠭᠪᠤᠷ ᠢ | ᠲᠦᠷᠭᠡᠨ ᠡᠭᠦᠳᠴᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠳᠤ ᠵᠢᠱᠢᠶ᠎ᠡ ᠦᠵᠡᠭᠦᠯᠬᠦ | ᠦᠷᠳᠡᠭ ᠲᠠᠢ ︽ᠬᠢᠩᠭᠠᠨ ᠤ ᠦᠢᠯᠡᠳᠦᠯᠭᠡ︾ ᠶᠢ ᠬᠠᠩᠭᠠᠬᠤ ᠬᠡᠷᠡᠭᠲᠡᠢ ᠭᠡᠵᠦ ᠴᠢᠩᠭᠠᠳᠬᠠᠵᠠᠢ᠃ | ᠬᠤᠷᠠᠯ ᠠᠴᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠢ ᠪᠠᠷᠢᠮᠲᠠᠯᠠᠨ᠂ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠲᠣᠭᠲᠠᠮᠠᠯ ᠬᠤᠭᠤᠴᠠᠭ᠎ᠠ ᠲᠠᠢ ᠪᠠᠷ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠲᠤ | ᠬᠦᠷᠴᠦ ︽ᠬᠠᠯᠠᠮᠰᠢᠯ ᠤᠲᠠᠰᠤ ᠶᠢ ᠲᠤᠰᠴᠤ ᠪᠣᠳᠠᠲᠥ ᠠᠵᠢᠯ ᠬᠢᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠬᠤᠷᠢᠶᠠᠨ ᠴᠤᠭᠯᠠᠭᠤᠯᠵᠤ᠂ ᠣᠯᠠᠨ | ᠲᠦᠮᠡᠨ ᠤ ᠬᠦᠴᠢᠷ ᠵᠤᠪᠠᠭᠤᠷᠢ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠵᠠᠩ ᠸᠧᠢ ᠨᠠᠨ︶ | | | | |