| ᠦᠢᠷ᠎ᠠ ᠳᠤ᠂ ᠬᠢᠩᠭᠠᠨ ᠠᠶᠢᠮᠠᠭ ᠤᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶ᠎ᠠ | ᠬᠤᠳᠠᠯᠳᠤᠭᠠᠨ ᠤ ᠨᠡᠶᠢᠬᠡᠮᠯᠢᠭ ᠵᠢᠴᠢ ᠳᠤᠮᠳᠠᠳᠤ ᠮᠣᠩᠭᠤᠯ᠂ ᠳᠤᠮᠳᠠᠳᠤ ᠤᠷᠤᠰ ᠤᠨ ᠠᠷᠠᠯᠵᠢᠶ᠎ᠠ ᠬᠤᠳᠡᠯᠳᠤᠭᠠᠨ ᠤ | ᠨᠠᠶᠢᠬᠡᠮᠯᠢᠭ ᠪᠠᠶᠢᠭᠤᠯᠤᠬᠳᠡᠪᠡ᠃ ᠬᠤᠷᠠᠯ ᠳᠡᠭᠡᠷ᠎ᠡ᠂ ᠬᠢᠩᠭᠠᠨ ᠠᠶᠢᠮᠠᠭ ᠤᠨ ᠵᠠᠬᠢᠷᠭ᠎ᠠ ᠶᠢᠨ ᠭᠠᠳᠠᠭᠠᠳᠤ ᠶᠠᠪᠤᠳᠠᠯ ᠤᠨ | ᠠᠯᠪᠠᠨ ᠭᠡᠷ ᠤᠨ ᠧᠦ᠋ᠷᠣᠫᠠ ᠲᠢᠪ ᠤᠨ ᠬᠤᠯᠪᠤᠭᠠᠨ ᠤ ᠭᠠᠵᠠᠷ ᠠᠴᠠ ᠬᠢᠩᠭᠠᠨ ᠠᠶᠢᠮᠠᠭ ᠤᠨ ᠭᠠᠳᠠᠭᠠᠳᠤ ᠠᠴᠠ | ᠣᠷᠣᠭᠤᠯᠵᠤ ᠭᠠᠷᠭᠠᠬᠤ ᠠᠷᠠᠯᠵᠢᠶ᠎ᠠ ᠬᠤᠳᠠᠯᠳᠤᠭᠠᠨ ᠤ ᠨᠡᠶᠢᠬᠡᠮᠯᠢᠭ᠂ ᠳᠤᠮᠳᠠᠳᠤ ᠮᠣᠩᠭᠤᠯ᠂ ᠳᠤᠮᠳᠠᠳᠤ ᠤᠷᠤᠰ ᠤᠨ | ᠠᠷᠠᠯᠵᠢᠶ᠎ᠠ ᠬᠤᠳᠡᠯᠳᠤᠭᠠᠨ ᠤ ᠨᠠᠶᠢᠬᠡᠮᠯᠢᠭ ᠲᠤ ᠫᠠᠶᠢᠰᠠ ᠣᠯᠭᠤᠭᠰᠠᠨ ᠪᠥᠭᠡᠳ ᠳᠤᠮᠳᠠᠳᠤ ᠤᠷᠤᠰ ᠰᠣᠯᠣᠩᠭᠤᠰ | ᠮᠣᠩᠭᠤᠯ ᠹᠧᠩ ᠰᠢᠶᠠᠩ ᠠᠵᠤ ᠠᠬᠤᠶᠢᠯᠠᠯ ᠤᠨ ᠬᠤᠯᠪᠣᠭ᠎ᠠ ᠠᠴᠠ ᠮᠠᠨ ᠤ ᠠᠶᠢᠮᠠᠭ ᠲᠤ ᠤᠷᠤᠰ ᠤᠨ ᠪᠦᠬᠦ | ᠬᠢᠯᠢ ᠶᠢᠨ ᠬᠢᠲᠠᠳ ᠬᠡᠯᠡᠨ ᠤ ᠭᠠᠵᠠᠷ ᠤᠨ ᠵᠢᠷᠤᠭ ᠪᠡᠯᠡᠭᠯᠡᠪᠡ᠃ ᠳᠤᠮᠳᠠᠳᠤ ᠭᠠᠳᠠᠭᠠᠳᠤ ᠶᠢᠨ ᠵᠣᠴᠢᠨ᠂ ᠣᠷᠣᠰ᠂ | ᠮᠣᠩᠭᠤᠯ ᠤᠯᠤᠰ ᠤᠨ ᠬᠤᠳᠠᠯᠳᠤᠭᠠᠨ ᠤ ᠨᠡᠶᠢᠭᠡᠮᠯᠢᠭ ᠵᠢᠴᠢ ᠠᠵᠤ ᠠᠬᠤᠶᠢᠯᠠᠯ ᠤᠨ ᠲᠥᠯᠥᠭᠡᠯᠡᠭᠴᠢ᠂ ᠮᠠᠨ ᠤ | ᠠᠶᠢᠮᠠᠭ ᠤᠨ ᠭᠠᠳᠠᠭᠠᠳᠤ ᠳᠤ ᠬᠤᠯᠪᠣᠭᠳᠠᠬᠤ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠳᠠᠨ ᠵᠡᠷᠭᠡ | 200 ᠭᠠᠷᠤᠶ ᠬᠥᠮᠦᠨ ᠲᠣᠰ ᠠᠵᠢᠯᠯᠠᠭ᠎ᠠ ᠳᠤ ᠣᠷᠣᠯᠴᠠᠵᠠᠶ᠃ ᠠᠶᠢᠮᠠᠭ ᠤᠨ ᠳᠣᠲᠣᠭᠠᠳᠥ ᠭᠠᠳᠡᠭᠠᠳᠥ ᠶᠢᠨ ᠬᠠᠮᠢᠶ᠎ᠠ | ᠪᠦᠬᠦᠢ ᠮᠥᠩᠭᠦᠨ ᠭᠦᠢᠯᠭᠡᠭᠡᠨ ᠤ ᠨᠢᠭᠡᠴᠢ ᠦᠢᠯᠡᠳᠬᠦᠨ ᠤ ᠲᠠᠨᠢᠯᠴᠠᠭᠤᠯᠭ᠎ᠠ ᠬᠢᠵᠦ᠂ ᠬᠤᠳᠠᠯᠳᠤᠭᠠᠴᠢᠳ ᠤᠨ | ᠨᠡᠶᠢᠬᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠷᠠᠯᠵᠢᠶᠠᠨ ᠤ ᠪᠠᠶᠢᠳᠠᠯ ᠤᠨ ᠵᠠᠳᠠᠯᠤᠯᠲᠠ ᠵᠢᠴᠢ | ᠬᠤᠳᠠᠯᠳᠤᠭᠠᠴᠢᠳ ᠤᠨ ᠪᠣᠳᠠᠲᠠᠢ ᠶᠢ ᠡᠷᠬᠢᠮᠯᠡᠭᠰᠡᠨ ᠲᠠᠶᠢᠯᠤᠮᠵᠢ ᠬᠢᠵᠡᠢ᠃ | ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠭᠠᠳᠠᠭᠠᠳᠤ ᠨᠡᠬᠡᠬᠡᠯᠳᠡ ᠪᠠᠨ ᠭᠦᠨᠵᠡᠭᠡᠶᠢᠷᠡᠭᠦᠯᠵᠦ᠂ | ︽ᠨᠢᠭᠡ ᠪᠦᠰᠡ ᠨᠢᠭᠡ ᠵᠠᠮ︾ ᠤᠨ ᠪᠦᠳᠦᠬᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠵᠦ᠂ | ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠯᠠᠪᠳᠠᠭᠤᠨ ᠪᠠᠲᠤᠲᠠᠢ ᠪᠠᠶᠢᠭᠤᠯᠪᠠ᠃ | ︽ᠪᠢᠳᠡ ᠣᠳᠣ ᠶᠠᠭ ᠣᠷᠣᠰ ᠤᠨ ᠬᠤᠪᠴᠠᠰᠤ ᠬᠤᠨᠠᠷ᠂ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠵᠤ ᠪᠠᠶᠢᠨ᠎ᠠ᠂ ᠠᠷᠠᠯᠵᠢᠶ᠎ᠠ ᠬᠤᠳᠡᠯᠳᠤᠭᠠᠨ ᠤ ᠨᠠᠶᠢᠬᠡᠮᠯᠢᠭ | ᠪᠠᠶᠢᠭᠤᠯᠤᠭᠳᠠᠭᠰᠠᠨ ᠶᠠᠪᠤᠳᠠᠯ ᠨᠢ ᠮᠠᠨ ᠤ ᠠᠵᠤ ᠠᠬᠤᠶᠢᠯᠠᠯ ᠤᠨ ᠣᠷᠣᠰ ᠤᠨ ᠵᠠᠰᠠᠭ ᠤᠨ ᠣᠷᠳᠣᠨ᠂ ᠠᠵᠤ | ᠠᠬᠤᠶᠢᠯᠠᠯ ᠲᠠᠢ ᠨᠡᠩ ᠰᠠᠶᠢᠨ ᠬᠠᠮᠲᠤᠷᠠᠨ ᠠᠵᠢᠯᠯᠠᠬᠤ ᠳᠤ ᠳᠥᠭᠦᠮ ᠦᠵᠡᠭᠦᠯᠬᠦ ᠪᠤᠯᠤᠨ᠎ᠠ︾ ᠭᠡᠵᠦ ᠬᠢᠩᠭᠠᠨ | ᠠᠶᠢᠮᠠᠭ ᠤᠨ ᠬᠤᠸᠠ ᠴᠤᠸᠠᠩ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠢᠦᠢ | ᠭᠤᠸᠠᠩ ᠴᠢᠶᠠᠨ ᠬᠡᠯᠡᠪᠡ᠃ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠴᠢᠬᠤᠯᠠᠴᠢᠯᠠᠭ᠎ᠠ ᠪᠠ ᠠᠶᠢᠮᠠᠭ ᠤᠨ | ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠵᠢᠯᠤᠭᠤᠳᠤᠯᠭ᠎ᠠ ᠳᠤᠤᠷ᠎ᠠ᠂ ᠬᠢᠩᠭᠠᠨ ᠠᠶᠢᠮᠠᠭ ᠤᠨ ᠭᠠᠳᠠᠭᠠᠳᠤ ᠠᠴᠠ | ᠣᠷᠣᠭᠤᠯᠵᠤ ᠭᠠᠷᠭᠠᠬᠤ ᠠᠷᠠᠯᠵᠢᠶ᠎ᠠ ᠬᠤᠳᠠᠯᠳᠤᠭᠠᠨ ᠤ ᠨᠠᠶᠢᠬᠡᠮᠯᠢᠭ ᠵᠢᠴᠢ ᠳᠤᠮᠳᠠᠳᠤ ᠮᠣᠩᠭᠤᠯ᠂ ᠳᠤᠮᠳᠠᠳᠤ | ᠤᠷᠤᠰ ᠤᠨ ᠠᠷᠠᠯᠵᠢᠶ᠎ᠠ ᠬᠤᠳᠠᠯᠳᠤᠭᠠᠨ ᠤ ᠨᠠᠶᠢᠬᠡᠮᠯᠢᠭ ᠨᠡᠶᠢᠳᠡ 60 ᠭᠡᠰᠢᠭᠦᠨ ᠠᠵᠤ ᠠᠬᠤᠶᠢᠯᠠᠯ ᠢ ᠬᠠᠮᠤᠷᠴᠤ᠂ | ᠬᠠᠮᠲᠤᠷᠠᠯᠴᠠᠭ᠎ᠠ ᠨᠢ ᠬᠢᠯᠢ ᠠᠯᠤᠰᠯᠠᠭᠰᠠᠨ ᠵᠢᠭᠤᠯᠴᠢᠯᠠᠯ᠂ ᠭᠠᠷ ᠳᠠᠮᠵᠢᠭᠰᠠᠨ ᠮᠠᠰᠢᠨ ᠲᠡᠷᠭᠡ᠂ ᠲᠠᠷᠢᠶᠠᠯᠠᠩ ᠤᠨ | ᠮᠠᠰᠢᠨ ᠤ ᠭᠠᠳᠠᠭᠠᠳᠤ ᠳᠤ ᠭᠠᠷᠭᠠᠬᠤ ᠠᠷᠠᠯᠵᠢᠶ᠎ᠠ ᠵᠡᠷᠭᠡ ᠤᠯᠠᠨ ᠬᠦᠷᠢᠶ᠎ᠠ ᠶᠢ ᠬᠠᠮᠤᠷᠴᠠᠢ᠃ ᠠᠷᠠᠯᠵᠢᠶ᠎ᠠ | ᠬᠤᠳᠠᠯᠳᠤᠭᠠᠨ ᠤ ᠨᠠᠶᠢᠬᠡᠮᠯᠢᠭ ᠪᠠᠶᠢᠭᠤᠯᠤᠭᠳᠠᠭᠰᠠᠨ ᠤ ᠲᠠᠷᠠᠭ᠎ᠠ᠂ ᠳᠤᠮᠳᠠᠳᠤ ᠮᠣᠩᠭᠤᠯ ᠤᠨ ᠠᠷᠠᠯᠵᠢᠶ᠎ᠠ | ᠬᠤᠳᠠᠯᠳᠤᠭᠠᠨ ᠤ ᠨᠠᠶᠢᠬᠡᠮᠯᠢᠭ᠂ ᠳᠤᠮᠳᠠᠳᠤ ᠤᠷᠤᠰ ᠤᠨ ᠠᠷᠠᠯᠵᠢᠶ᠎ᠠ ᠬᠤᠳᠠᠯᠳᠤᠭᠠᠨ ᠤ ᠨᠠᠶᠢᠬᠡᠮᠯᠢᠭ ᠤᠨ 60 | ᠭᠡᠰᠢᠭᠦᠨ ᠠᠵᠤ ᠠᠬᠤᠶᠢᠯᠠᠯ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠭᠦᠨᠵᠡᠭᠡᠢ | ᠠᠭᠤᠰᠤᠯᠴᠠᠬᠤ᠂ ᠬᠢᠩᠭᠠᠨ ᠠᠶᠢᠮᠠᠭ ᠤᠨ ᠤᠯᠠᠨ ᠤᠯᠤᠰ ᠲᠠᠬᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ | ᠠᠰᠠᠭᠤᠳᠠᠯ ᠤᠨ ᠲᠣᠭᠤᠷᠢᠨ ᠳᠤ ᠶᠠᠷᠢᠯᠴᠠᠬᠤ ᠬᠤᠷᠠᠯ ᠬᠢᠭᠰᠡᠨ ᠪᠥᠭᠡᠳ ᠮᠣᠩᠭᠤᠯ᠂ ᠤᠷᠤᠰ ᠤᠨ ᠬᠠᠮᠢᠶ᠎ᠠ ᠪᠦᠬᠦᠢ | ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠨᠠᠷᠢᠨ ᠵᠦᠢᠯᠡᠰ ᠢ ᠵᠥᠪᠳᠡᠯᠴᠡᠵᠦ᠂ ᠬᠠᠮᠲᠤᠷᠠᠯᠴᠠᠭᠠᠨ ᠤ ᠵᠥᠪᠯᠡᠯᠴᠡᠭᠡᠷ | ︵ᠰᠠᠨᠠᠮᠵᠢ ᠶᠢᠨ ᠪᠢᠴᠢᠭ︶ ᠲᠤ ᠭᠠᠷ ᠤᠨ ᠦᠰᠦᠭ ᠵᠢᠷᠤᠪᠠ᠃ | ︽ᠬᠤᠶᠢᠰᠢᠳᠠ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠠᠵᠤ ᠠᠬᠤᠶ ᠶᠢᠨ ᠭᠠᠳᠠᠭᠠᠳᠤ | ᠶᠠᠪᠤᠳᠠᠯ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ︿ᠭᠠᠳᠠᠭᠠᠳᠤ ᠶᠠᠪᠤᠳᠠᠯ ᠢᠶᠠᠷ ᠠᠷᠠᠳ ᠤᠯᠠᠨ ᠪᠠ | ᠠᠵᠤ ᠠᠬᠤᠶᠢᠯᠠᠯ ᠳᠤ ᠠᠰᠢᠭ ᠬᠦᠷᠲᠡᠭᠡᠬᠦ﹀ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠶᠢᠯᠠᠯ ᠤᠨ ᠣᠯᠠᠨ ᠬᠦᠷᠢᠶᠡᠨ ᠳᠤ | ᠵᠠᠬ᠎ᠠ ᠳᠡᠯᠭᠡᠭᠦᠷ ᠢᠶᠠᠨ ᠥᠷᠭᠡᠳᠭᠡᠬᠦ᠂ ᠬᠤᠳᠠᠯᠳᠤᠭᠠᠨ ᠤ ᠠᠵᠠ ᠲᠣᠬᠢᠶᠠᠯ ᠡᠷᠢᠬᠦ᠂ ᠵᠠᠬᠢᠶᠠᠯᠠᠭ᠎ᠠ ᠶᠢᠨ ᠬᠠᠭᠤᠳᠠᠰᠤ | ᠲᠣᠰᠬᠤ ᠳᠤ ᠬᠦᠴᠦᠨ ᠨᠡᠮᠡᠷᠢᠯᠡᠵᠦ᠂ ᠪᠦᠬᠦᠯᠢ ᠴᠣᠭᠴᠠ ᠶᠢᠨ ᠦᠷ᠎ᠡ ᠪᠦᠲᠦᠮᠵᠢ ᠤᠯᠬᠤ ᠴᠢᠳᠠᠪᠤᠷᠢ ᠪᠠᠨ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ︾ ᠭᠡᠵᠦ ᠠᠶᠢᠮᠠᠭ ᠤᠨ ᠵᠠᠬᠢᠷᠭ᠎ᠠ ᠶᠢᠨ ᠭᠠᠳᠠᠭᠠᠳᠤ ᠶᠠᠪᠤᠳᠠᠯ ᠤᠨ ᠠᠯᠪᠠᠨ | ᠬᠡᠷ ᠤᠨ ᠳᠡᠳ᠋ ᠡᠷᠬᠢᠯᠡᠭᠴᠢ ᠰᠤᠳᠤ ᠶᠠᠷᠢᠵᠤ ᠪᠠᠶᠢᠯ᠎ᠠ᠃ ︵ᠨᠢᠩᠵᠢᠨ︶ | | | | |