| 3 ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ | ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ | ᠲᠠᠯ᠎ᠠ ᠪᠠᠷ ᠬᠦᠨᠵᠡᠭᠡᠶᠢᠷᠡᠬᠦᠯᠬᠦ ᠵᠦᠪᠯᠡᠯ ᠤᠨ ᠬᠤᠷᠠᠯ ᠢ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ᠂ ᠴᠢᠬᠤᠯᠠ ᠵᠣᠬᠢᠶᠠᠯ ᠵᠢᠴᠢ ᠲᠥᠪ ᠪᠠ ᠦᠪᠡᠷᠳᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ | ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠦᠳᠦᠯᠦᠨ ᠲᠠᠭᠠᠭᠤᠯᠬᠤ ᠶᠢ ᠪᠠᠷᠢᠮᠳᠠᠯᠠᠵᠦ᠂ ᠭᠠᠵᠠᠷ | ᠤᠷᠤᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ | ᠬᠦᠭᠵᠢᠬᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠡᠭᠡᠭᠡᠯᠳᠡ ᠶᠢ ᠤᠯᠠᠮ ᠨᠢᠭᠡ | ᠠᠯᠬᠤᠮ ᠥᠷᠭᠡᠳᠭᠡᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢᠨ | ᠪᠠᠶᠢᠭᠤᠯᠤᠯᠳᠠ ᠳᠤ ᠨᠡᠩ ᠰᠠᠶᠢᠳᠤᠷ ᠦᠢᠯᠠᠴᠢᠯᠡᠵᠥ᠂ ᠨᠠᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠳᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠰᠢ ᠶᠢᠨ ᠫᠢᠩ ᠤᠨ ᠠᠮᠢ | ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠳᠤᠷ ᠠᠳᠬᠤᠬᠤ ᠶᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠦᠪᠰᠢᠨ ᠢ ᠲᠡᠭᠡᠭᠰᠢᠯᠡᠬᠦᠯᠬᠦ ᠬᠦᠴᠦᠳᠡᠢ ᠭᠠᠷᠳᠠᠴᠠ ᠪᠤᠯᠭᠠᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠪᠠ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ︽ | ᠡᠷᠬᠢᠨ ᠬᠠᠷᠠᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ | ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ | ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠥᠭᠡᠷᠡᠴᠢᠯᠡᠯᠲᠡ ᠶᠢᠨ | ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ᠂ ᠳᠡᠰ ᠳᠠᠷᠠᠭᠠᠯᠠᠯ᠂ ᠭᠤᠣᠯ ᠰᠢᠪᠲᠤᠯᠤᠯᠲᠠ ᠶᠢᠨ ᠴᠢᠭᠯᠡᠯ ᠢ ᠴᠢᠨᠠᠭᠰᠢᠳᠠ | ᠣᠨᠣᠴᠠᠲᠠᠢ ᠡᠵᠡᠮᠳᠡᠵᠦ᠂ ᠣᠨ ᠤ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠲᠦᠷᠭᠡᠨ ᠪᠦᠭᠡᠳ ᠬᠦᠴᠦᠳᠡᠢ | ᠠᠬᠢᠭᠤᠯᠵᠦ᠂ ᠥᠭᠡᠷᠡᠴᠢᠯᠡᠯᠲᠡ ᠶᠢ ᠡᠷᠲᠡᠭᠡᠨ ᠦᠷ᠎ᠠ ᠪᠦᠳᠦᠭᠡᠯ ᠭᠠᠷᠭᠠᠨ᠂ ᠪᠦᠬᠦ ᠠᠶᠢᠮᠠᠭ ᠤᠨ ᠠᠵᠦ ᠠᠬᠤᠢ | ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠬᠦᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠬᠦ | ᠬᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠢᠯᠠᠩᠭᠤᠶ᠎ᠠ ᠡᠯ᠎ᠡ | ᠱᠠᠲᠤᠨ ᠤ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠰᠢ ᠶᠢᠨ ᠫᠢᠩ ᠶᠡᠷᠦᠩᠬᠡᠶ ᠱᠦᠵᠢ ᠶᠢᠨ ᠨᠡᠶᠢᠭᠡᠮ ᠤᠨ | ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ᠂ ᠪᠦᠬᠦ ᠤᠯᠤᠰ ᠤᠨ ᠨᠡᠶᠢᠭᠡᠮ ᠤᠨ ᠠᠵᠢᠯ ᠤᠨ ᠬᠡᠯᠳᠡᠰ ᠤᠨ ᠲᠠᠷᠤᠭ᠎ᠠ ᠶᠢᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠤᠨ ᠲᠤᠬᠢᠷᠠᠭᠤᠯᠤᠯᠳᠠ | ᠪᠠᠶᠢᠷᠢᠯᠠᠭᠤᠯᠤᠯᠳᠠ ᠶᠤᠰᠤᠭᠠᠷ᠂ ᠰᠢᠨ᠎ᠡ ᠪᠠᠷ ᠬᠦᠭᠵᠢᠨ ᠮᠠᠨᠳᠤᠭᠰᠠᠨ ᠬᠦᠷᠢᠶ᠎ᠡ ᠬᠡᠪᠴᠢᠶᠡᠨ ᠤ ᠨᠠᠮ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠢ ᠨᠢᠭᠲᠠᠷᠠᠭᠤᠯᠤᠨ ᠤᠯᠠᠨ | ᠲᠦᠮᠡᠨ ᠳᠤ ᠦᠢᠯᠡᠴᠢᠯᠡᠬᠦ ᠠᠵᠢᠯ ᠢ ᠬᠦᠴᠦᠯᠡᠨ ᠰᠠᠶᠢᠳᠤᠷ ᠠᠳᠬᠤᠵᠦ᠂ ᠦᠭᠡᠷᠡᠴᠢᠯᠡᠯᠳᠡ ᠬᠢᠵᠦ ᠰᠢᠨ᠎ᠡ ᠶᠢ | ᠡᠬᠦᠳᠬᠦ ᠵᠤᠷᠢᠭ ᠰᠠᠨᠠᠭ᠎ᠠ ᠪᠠᠷ ᠪᠦᠬᠦ ᠠᠶᠢᠮᠠᠭ ᠤᠨ ᠨᠡᠶᠢᠭᠡᠮ ᠤᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠬᠡᠷᠡᠭᠳᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠣᠨᠴᠠᠭᠠᠶᠢᠯᠠᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ | ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠦᠯᠵᠢᠶᠡᠨ ᠳᠡᠭᠡᠷ᠎ᠡ | ᠤᠬᠠᠭᠤᠯᠵᠤ ᠬᠦᠳᠦᠯᠦᠨ ᠵᠢᠯᠣᠭᠤᠳᠬᠤ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠰᠦᠯᠵᠢᠶᠡᠨ ᠳᠡᠭᠡᠷᠡᠬᠢ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ | ᠠᠷᠢᠯᠭᠠᠵᠤ᠂ ᠲᠣᠭᠠᠴᠢᠯᠠᠭᠰᠠᠨ ᠠᠵᠤ ᠠᠬᠤᠢ ᠶᠢ ᠲᠦᠷᠭᠡᠨ ᠬᠥᠭᠵᠢᠭᠦᠯᠵᠦ᠂ ᠪᠦᠬᠦ ᠠᠶᠢᠮᠠᠭ ᠤᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ︽ᠮᠠᠯᠵᠢᠬᠤ ᠲᠠᠷᠢᠶᠠᠯᠠᠬᠤ ᠣᠷᠣᠨ ᠤ ᠦᠭᠡᠷᠡᠴᠢᠯᠡᠯᠳᠡ ᠶᠢ ᠴᠢᠨᠠᠭᠰᠢᠳᠠ ᠬᠦᠨᠵᠡᠭᠡᠶᠢᠷᠡᠬᠦᠯᠵᠦ | ᠂ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠲᠤᠬᠠᠢ | ᠨᠠᠶᠢᠳᠠᠪᠤᠷᠢᠵᠢᠭᠤᠯᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠪᠤᠰᠤᠳ ᠵᠦᠢᠯᠡᠰ ᠢ | ᠰᠤᠳᠤᠯᠵᠠᠢ᠃ ︵ᠵᠠᠩ ᠸᠧᠢ ᠨᠠᠨ︶ | | | | |