| | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ | ᠲᠠᠯ᠎ᠠ ᠪᠠᠷ ᠠᠬᠢᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ | ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ | ᠭᠡᠭᠡᠨᠰᠦ᠋ᠮ᠎ᠡ ᠪᠠᠯᠭᠠᠰᠤ ᠪᠥᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ᠃ ᠭᠡᠭᠡᠨᠰᠦ᠋ᠮ᠎ᠡ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠶᠠᠩ ᠸᠧᠨ ᠮᠢᠩ᠂ ᠪᠠᠯᠭᠠᠰᠤᠨ ᠳᠠᠷᠤᠭ᠎ᠠ ᠰᠢᠤᠸᠠᠢ ᠬᠤᠸᠠ ᠹᠸᠢ᠂ ᠪᠠᠯᠭᠠᠰᠤᠨ ᠤ | ᠤᠳᠤᠷᠢᠳᠬᠤ ᠪᠠᠭ ᠤᠨ ᠭᠡᠰᠢᠬᠦᠨ᠂ ᠡᠯ᠎ᠡ ᠭᠠᠴᠠᠭᠠᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ | ᠵᠢᠴᠢ ᠪᠦᠬᠦ ᠪᠠᠶᠢᠭᠤᠯᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃ | ᠵᠣᠷᠢᠭ ᠰᠠᠨᠠᠭ᠎ᠠ ᠶᠢ ᠤᠯᠠᠮᠵᠢᠯᠠᠨ ᠰᠡᠷᠭᠡᠶᠢᠯᠡᠯᠲᠡ ᠶᠢᠨ ᠱᠣᠭᠤᠮ ᠢ ᠪᠠᠬᠢᠵᠢᠭᠦᠯᠦᠨ᠎ᠡ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠪᠣᠯᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ | ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠠᠬᠢᠨ ᠰᠤᠷᠤᠯᠴᠠᠪᠠ᠃ ᠪᠠᠯᠭᠠᠰᠤᠨ | ᠳᠠᠷᠤᠭ᠎ᠠ ᠰᠢᠤᠸᠠᠢ ᠬᠤᠸᠠ ᠹᠸᠢ ᠪᠠᠰᠠ ᠨᠠᠮ ᠤᠨ ᠭᠡᠰᠢᠭᠦᠨ ᠺᠠᠳ᠋ᠷ ᠤᠨ ᠰᠣᠭᠲᠣᠭᠤ ᠪᠠᠷ ᠲᠡᠷᠭᠡ ᠵᠢᠯᠣᠭᠤᠳᠬᠤ | ᠲᠤᠬᠠᠶ ᠲᠤᠰᠬᠠᠶ ᠰᠡᠳᠦᠪᠲᠦ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃ | ᠲᠡᠷᠢᠭᠦᠨ ᠢ ᠬᠥᠬᠢᠭᠦᠯᠵᠦ ᠦᠯᠢᠭᠡᠷ ᠳᠠᠭᠤᠷᠢᠶᠠᠯ ᠢ ᠬᠥᠮᠦᠵᠢᠭᠦᠯᠦᠨ᠎ᠡ | ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠪᠦᠬᠦ ᠺᠠᠳ᠋ᠷ ᠠᠵᠢᠯᠳᠠᠨ ᠠᠵᠢᠯᠴᠢᠨ ᠤ ᠰᠢᠯᠢᠳᠡᠭ ᠠᠮᠵᠢᠯᠲᠠ ᠶᠢ ᠵᠣᠷᠢᠭᠲᠠᠢ ᠪᠠᠷ ᠡᠭᠦᠳᠬᠦ ᠶᠢ | ᠵᠣᠷᠢᠭᠵᠢᠭᠤᠯᠬᠤ ᠶᠢᠨ ᠲᠥᠯᠥᠭᠡ᠂ ᠶᠡᠭᠡ ᠬᠤᠷᠠᠯ ᠠᠴᠠ ᠪᠠᠰᠠ ᠥᠩᠭᠡᠷᠡᠭᠰᠡᠨ ᠨᠢᠭᠡ ᠵᠢᠯ ᠳᠤ ᠡᠯ᠎ᠡ ᠹᠷᠣᠨᠲ ᠲᠤ | ᠭᠠᠷᠮᠠᠭᠠᠢ ᠢᠯᠡᠷᠡᠯ ᠲᠠᠢ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ | ᠬᠥᠬᠢᠭᠦᠯᠦᠨ ᠰᠠᠶᠢᠰᠢᠶᠠᠵᠤ ᠳᠠᠭᠤᠰᠤᠭᠰᠠᠨ ᠤ ᠳᠠᠷᠠᠭ᠎ᠠ᠂ ᠲᠡᠷᠢᠭᠦᠨ ᠤ ᠲᠥᠯᠥᠭᠡᠯᠡᠭᠴᠢ ᠪᠠᠶᠠᠨᠬᠠᠳᠠ ᠭᠠᠴᠠᠭᠠᠨ ᠤ | ᠨᠠᠮ ᠤᠨ ᠡᠭᠦᠷ ᠤᠨ ᠱᠦᠵᠢ ᠸᠠᠩ ᠯᠢᠦ ᠵᠤᠸᠠᠩ᠂ ᠬᠠᠳᠠᠨ ᠠᠷᠤ ᠭᠠᠴᠠᠭᠠᠨ ᠤ ᠨᠠᠮ ᠤᠨ ᠡᠭᠦᠷ ᠤᠨ ᠱᠦᠵᠢ ᠸᠠᠩ | ᠵᠢᠶᠦ᠋ᠨ ᠵᠢᠴᠢ ᠪᠠᠶᠠᠨᠬᠤᠸᠠ ᠭᠠᠴᠠᠭᠠᠨ ᠤ ᠨᠠᠮ ᠤᠨ ᠡᠭᠦᠷ ᠤᠨ ᠱᠦᠵᠢ ᠪᠠᠶ ᠪᠦᠦ ᠴᠧᠩ ᠲᠣᠰ ᠲᠣᠰ ᠲᠠᠶᠢᠰᠠᠨ ᠳᠤ | ᠭᠠᠷᠴᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠢ ᠬᠥᠭᠵᠢᠭᠦᠯᠬᠦ᠂ ᠲᠠᠷᠢᠶᠠᠯᠠᠩ ᠤᠨ | ᠬᠤᠯᠪᠣᠭᠠᠲᠤ ᠴᠣᠭᠴᠠ ᠶᠢᠨ ᠬᠤᠷᠰᠢᠶ᠎ᠠ ᠵᠡᠷᠭᠡ ᠲᠣᠰ ᠲᠣᠰ ᠤᠨ ᠠᠵᠢᠯ ᠤᠨ ᠬᠢᠯᠠᠰ ᠴᠡᠭ᠂ ᠰᠠᠨᠠᠯ ᠢᠶᠠᠨ | ᠰᠣᠯᠢᠯᠴᠠᠪᠠ᠃ ᠭᠤᠷᠪᠠᠨ ᠲᠥᠯᠥᠭᠡᠯᠡᠭᠴᠢ ᠶᠢᠨ ᠶᠠᠷᠢᠶᠠᠨ ᠤ ᠠᠭᠤᠯᠭ᠎ᠠ ᠨᠢ ᠨᠠᠷᠢᠨ ᠪᠣᠳᠠᠲᠠᠶ᠂ ᠬᠢᠯᠠᠰ ᠴᠡᠭ ᠣᠯᠠᠨ᠂ | ᠲᠤᠷᠰᠢᠯᠭ᠎ᠠ ᠪᠠᠨ ᠳ᠋ᠦᠩᠨᠡᠭᠰᠡᠨ ᠪᠥᠭᠡᠳ ᠢᠷᠡᠭᠡᠳᠦᠶ ᠶᠢ ᠪᠠᠷᠠᠯᠠᠵᠤ᠂ ᠪᠥᠬᠦ ᠺᠠᠳ᠋ᠷᠴᠤᠳ ᠲᠤ ᠲᠠᠭᠤᠷᠢᠶᠠᠵᠤ ᠪᠣᠯᠬᠤ᠂ | ᠳᠡᠯᠭᠡᠷᠡᠭᠦᠯᠵᠦ ᠪᠣᠯᠬᠤ ᠠᠵᠢᠯ ᠤᠨ ᠰᠡᠳᠬᠢᠮᠵᠢ ᠬᠠᠩᠭᠠᠵᠤ᠂ ᠣᠯᠠᠨ ᠤ ᠬᠠᠯᠠᠭᠤᠨ ᠠᠯᠠᠭ᠎ᠠ ᠲᠠᠰᠢᠯᠳᠠ ᠶᠢ ᠣᠯᠤᠭᠰᠠᠨ | ᠪᠠᠶᠢᠨ᠎ᠠ᠃ | ᠬᠠᠷᠠᠯᠲᠠ ᠪᠠᠨ ᠲᠣᠳᠣᠷᠬᠠᠶᠢᠯᠠᠵᠤ ᠤᠨᠢᠨ ᠳᠡᠭᠡᠷ᠎ᠡ ᠨᠢ ᠬᠦᠴᠦᠯᠡᠨ᠎ᠡ | ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ ᠥᠩᠭᠡᠷᠡᠭᠰᠡᠨ ᠨᠢᠭᠡ | ᠵᠢᠯ ᠤᠨ ᠭᠡᠭᠡᠨᠰᠦ᠋ᠮ᠎ᠡ ᠪᠠᠯᠭᠠᠰᠤᠨ ᠤ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ | ᠨᠡᠶᠢᠭᠡᠮ ᠤᠨ ᠵᠠᠰᠠᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠤᠯᠠᠨ ᠲᠠᠯ᠎ᠠ ᠪᠠᠷ ᠣᠯᠤᠭᠰᠠᠨ | ᠢᠯᠡᠳᠲᠡ ᠠᠮᠵᠢᠯᠲᠠ ᠪᠦᠲᠦᠮᠵᠢ ᠳᠤ ᠪᠦᠬᠦ ᠲᠠᠯ᠎ᠠ ᠶᠢᠨ ᠪᠥᠭᠡᠳ ᠭᠦᠨᠵᠡᠭᠡᠢ ᠳ᠋ᠥᠩᠨᠡᠯᠲᠡ ᠬᠢᠬᠦ ᠶᠢᠨ ᠬᠠᠮᠲᠤ | 2025 ᠣᠨ ᠤ ᠠᠵᠢᠯ ᠤᠨ ᠬᠠᠷᠠᠯᠲᠠ ᠪᠣᠯᠤᠨ ᠭᠤᠣᠯ ᠡᠭᠦᠷᠭᠡ ᠳᠤ ᠨᠠᠷᠢᠨ ᠨᠢᠭᠲᠠ ᠲᠤᠬᠢᠷᠠᠭᠤᠯᠤᠯᠳᠠ | ᠪᠠᠶᠢᠷᠢᠯᠠᠭᠤᠯᠤᠯᠲᠠ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯ ᠰᠢᠵᠢᠮ ᠪᠣᠯᠭᠠᠵᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠦᠨᠳᠦᠷᠴᠡ ᠳᠤ ᠬᠦᠷᠬᠦ ᠶᠢ ᠪᠦᠬᠦ | ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠰ ᠤᠳᠠᠭᠠᠨ ᠤ ᠺᠠᠳ᠋ᠷᠴᠤᠳ ᠤᠨ ᠶᠡᠭᠡ ᠬᠤᠷᠠᠯ ᠤᠨ ᠤᠷᠤᠭᠰᠢᠲᠠᠶ ᠬᠤᠷᠠᠯᠳᠤᠭᠰᠠᠨ ᠨᠢ ᠭᠡᠭᠡᠨᠰᠦ᠋ᠮ᠎ᠡ | ᠪᠠᠯᠭᠠᠰᠤᠨ ᠤ ᠢᠷᠡᠭᠡᠳᠦᠶ ᠶᠢᠨ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠵᠤ᠂ ᠬᠦᠴᠦᠨ ᠴᠢᠳᠠᠯ ᠢ | ᠨᠢᠭᠲᠠᠷᠠᠭᠤᠯᠪᠠ᠃ ᠪᠦᠬᠦ ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠪᠠᠷ᠂ ᠭᠡᠭᠡᠨᠰᠦ᠋ᠮ᠎ᠡ ᠪᠠᠯᠭᠠᠰᠤ ᠯᠠᠪᠲᠠᠢ ᠰᠢᠨ᠎ᠡ | ᠠᠶᠠᠨ ᠵᠠᠮ ᠳᠤ ᠯᠠᠪᠳᠠᠭᠤᠨ ᠪᠠᠲᠤᠲᠠᠢ ᠠᠯᠬᠤᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠨᠡᠭᠡᠭᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠦᠷᠯᠢᠭ ᠰᠠᠶᠢᠬᠠᠨ ᠬᠠᠭᠤᠳᠠᠰᠤ ᠶᠢ ᠵᠢᠷᠤᠭᠯᠠᠨ᠎ᠠ ᠭᠡᠳᠡᠭ ᠢ ᠢᠲᠡᠭᠡᠵᠦ | ᠪᠠᠶᠢᠨ᠎ᠠ ᠃ | | |