| ᠣᠶᠢᠷ᠎ᠠ ᠳᠤ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ | ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠯᠢ ᠣᠯᠠᠨ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠪᠠᠷ | ᠳᠠᠮᠵᠢᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠰᠠᠬᠢᠨ ᠬᠠᠮᠠᠭᠠᠯᠠᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠢ ᠪᠣᠶ ᠪᠣᠯᠭᠠᠪᠠ᠃ | | | | | ᠥᠷᠯᠥᠭᠡ ᠡᠷᠲᠡ᠂ ᠬᠠᠷᠢᠶ᠎ᠠ ᠣᠷᠣᠨ ᠤ ᠠᠷᠠᠳ ᠤᠨ ᠴᠠᠭᠳᠠᠭ᠎ᠠ ᠬᠢᠭᠡᠳ ᠰᠢᠨ᠎ᠡ ᠬᠤᠲᠠ ᠵᠡᠭᠡᠯᠢ ᠶᠢᠨ ᠪᠠᠶ | ᠸᠠᠩ ᠨᠡᠶᠢᠭᠡᠮ ᠲᠣᠭᠤᠷᠢᠭ ᠤᠨ ᠠᠵᠢᠯᠲᠠᠳ ᠢᠳᠡᠪᠬᠢᠲᠡᠶ ᠬᠥᠳᠡᠯᠦᠯᠴᠡᠵᠦ᠂ ᠰᠠᠭᠤᠭᠠᠯᠢ ᠠᠷᠠᠳ ᠤᠨ ᠬᠡᠷ ᠢᠶᠠᠷ | ᠭᠦᠨᠵᠡᠭᠡᠶᠢᠷᠡᠨ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠪᠡ᠃ | ᠲᠡᠳᠡ ᠰᠠᠭᠤᠭᠠᠯᠢ ᠠᠷᠠᠳ ᠲᠤ ᠡᠯ᠎ᠡ ᠲᠥᠷᠥᠯ ᠤᠨ ᠠᠮᠤᠷ ᠲᠦᠪᠰᠢᠨ ᠤ ᠮᠡᠳᠡᠯᠭᠡ ᠶᠢ ᠬᠦᠯᠢᠴᠡᠩᠭᠦᠢ ᠪᠠᠷ | ᠲᠠᠶᠢᠯᠪᠤᠷᠢᠯᠠᠬᠤ ᠶᠢᠨ ᠬᠠᠮᠲᠤ ᠵᠠᠬᠢᠷᠤᠨ ᠬᠠᠮᠢᠶᠠᠷᠬᠤ ᠬᠢᠲᠤᠭ᠎ᠠ ᠪᠠᠭᠠᠵᠢ ᠶᠢᠨ ᠪᠠᠶᠢᠴᠠᠭᠠᠯᠲᠠ ᠶᠢ ᠥᠷᠨᠢᠭᠦᠯᠵᠦ᠂ | ᠳᠠᠯᠳᠠ ᠠᠶᠤᠯᠲᠤ ᠡᠳ᠋ ᠪᠣᠳᠠᠰ ᠢ ᠨᠡᠶᠢᠭᠡᠮ ᠲᠣᠭᠤᠷᠢᠭ ᠲᠤ ᠣᠷᠤᠬᠤ ᠶᠢ ᠬᠤᠷᠢᠭᠯᠠᠪᠠ᠃ ᠰᠠᠭᠤᠭᠠᠯᠢ ᠠᠷᠠᠳ ᠪᠣᠯᠤᠨ | ᠬᠤᠳᠠᠯᠳᠤᠭᠠᠨ ᠤ ᠡᠷᠦᠬᠡ ᠲᠠᠢ ᠰᠣᠯᠢᠯᠴᠠᠬᠤ ᠶᠠᠪᠤᠴᠠ ᠳᠤ᠂ ᠠᠵᠢᠯᠲᠠᠳ ᠬᠡᠮᠵᠢᠶ᠎ᠡ ᠲᠠᠢ ᠠᠷᠢᠬᠢ ᠤᠤᠭᠤᠬᠤ ᠶᠢᠨ | ᠴᠢᠬᠤᠯᠠ ᠴᠢᠨᠠᠷ ᠢ ᠳᠠᠬᠢᠨ ᠳᠠᠪᠲᠠᠨ ᠴᠢᠬᠤᠯᠠᠴᠢᠯᠠᠵᠤ᠂ ᠣᠯᠠᠨ ᠢᠶᠠᠷ ᠢᠶᠠᠨ ᠱᠠᠯᠢᠭ ᠵᠠᠪᠬᠠᠶ᠂ ᠵᠣᠭᠤᠰ ᠨᠠᠭᠠᠳᠬᠤ᠂ | ᠬᠤᠤᠷᠲᠤ ᠡᠳ᠋ ᠫᠠᠨᠽᠠᠯᠠᠬᠤ ᠵᠡᠷᠭᠡ ᠮᠠᠭᠤ ᠦᠢᠯᠡ ᠠᠵᠢᠯᠯᠠᠭ᠎ᠠ ᠠᠴᠠ ᠵᠠᠶᠢᠳᠠᠵᠤ᠂ ᠰᠠᠭᠤᠭᠠᠯᠢ ᠠᠷᠠᠳ ᠢ ᠬᠥᠲᠥᠯᠦᠨ | ᠵᠢᠯᠣᠭᠤᠳᠴᠤ ᠪᠠᠶᠢᠭᠠᠳ ᠵᠥᠪ ᠣᠨᠣᠪᠴᠢᠲᠠᠶ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠶ ᠭᠡᠵᠦ | ᠰᠠᠨᠠᠭᠤᠯᠪᠠ᠃ | | | | | ︽ᠨᠡᠶᠢᠭᠡᠮ ᠲᠣᠭᠤᠷᠢᠭ ᠤᠨ ᠠᠵᠢᠯᠲᠠᠨ᠂ ᠠᠷᠠᠳ ᠤᠨ ᠴᠠᠭᠳᠠᠭ᠎ᠠ ᠦᠷᠭᠦᠯᠵᠢ ᠪᠢᠳᠡᠨ ᠳᠤ ᠠᠮᠢᠨ ᠬᠡᠷᠡᠭ ᠢ | ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ᠂ ᠮᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ | ᠳᠡᠭᠡᠭᠰᠢᠯᠡᠭᠦᠯᠳᠡᠭ︾ ᠭᠡᠵᠦ ᠪᠠᠢ ᠸᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠱᠦ ᡁᠢ ᠬᠡᠯᠡᠪᠡ᠃ | | | | | ︽ᠰᠢᠨ᠎ᠡ ᠬᠤᠲᠠ ᠵᠡᠭᠡᠯᠢ ᠨᠢ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ | ᠬᠤᠯᠪᠣᠭᠠᠯᠠᠵᠤ᠂ ᠠᠷᠠᠳ ᠤᠨ ᠴᠠᠭᠳᠠᠭ᠎ᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ᠂ | ᠤᠯᠠᠭᠠᠨᠬᠤᠲᠠ ᠶᠢᠨ ᠠᠯᠪᠠᠨ ᠵᠢᠷᠤᠮ ᠤᠨ ᠴᠠᠭᠳᠠᠭ᠎ᠠ ᠲᠠᠢ ᠬᠤᠯᠪᠣᠭᠠᠯᠠᠨ ︿ᠶᠡᠭᠡ ᠬᠡᠪᠴᠢᠶ᠎ᠡ ᠪᠠᠷ ᠰᠤᠷᠪᠤᠯᠵᠢᠯᠠᠬᠤ᠂ | ᠶᠡᠭᠡ ᠬᠡᠪᠴᠢᠶ᠎ᠡ ᠪᠠᠷ ᠴᠠᠭᠳᠠᠨ ᠰᠡᠷᠭᠡᠶᠢᠯᠡᠬᠦ᠂ ᠶᠡᠭᠡ ᠬᠡᠪᠴᠢᠶ᠎ᠡ ᠪᠠᠷ ᠪᠠᠶᠢᠴᠠᠭᠠᠯᠲᠠ ᠬᠢᠬᠦ﹀ ᠲᠤᠰᠬᠠᠢ ᠠᠵᠢᠯᠯᠠᠭ᠎ᠠ | ᠥᠷᠨᠢᠭᠦᠯᠵᠦ᠂ ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠭᠠᠨ ᠳᠤ ᠲᠦᠰᠢᠭᠯᠡᠨ ᠬᠢᠲᠤᠭ᠎ᠠ ᠪᠠᠷ ᠪᠣᠳᠠᠰ | ᠰᠣᠯᠢᠬᠤ ᠠᠵᠢᠯᠯᠠᠭ᠎ᠠ ᠶᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ ᠣᠲᠣ ᠪᠣᠯᠲᠠᠯ᠎ᠠ᠂ ᠠᠮᠢᠨ | ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ 200 ᠭᠠᠷᠤᠶ ᠡᠷᠦᠬᠡ ᠪᠠᠷ ᠣᠷᠤᠵᠤ ᠤᠬᠠᠭᠤᠯᠵᠤ᠂ ᠤᠬᠠᠭᠤᠯᠭ᠎ᠠ ᠶᠢᠨ | ᠬᠠᠭᠤᠳᠠᠰᠤ 2000 ᠭᠠᠷᠤᠶ ᠬᠤᠪᠢ ᠲᠠᠷᠬᠠᠭᠠᠵᠠᠶ︾᠃ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠠᠮᠤᠷ | ᠲᠦᠪᠰᠢᠨ ᠤ ᠠᠯᠪᠠᠨ ᠬᠡᠷ ᠤᠨ ᠬᠠᠷᠢᠭᠤᠴᠠᠯᠭᠠᠲᠠᠨ ᠪᠦᠦ ᠶᠦᠩ ᠴᠢᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ | ᠠᠯᠬᠤᠮ ᠳᠤ᠂ ᠰᠢᠨ᠎ᠡ ᠬᠤᠲᠠ ᠵᠡᠭᠡᠯᠢ ᠨᠢ ᠨᠢᠭᠡᠳᠦᠯᠲᠡᠶ ᠲᠥᠯᠥᠪᠯᠡᠨ ᠬᠤᠯᠪᠣᠭᠠᠯᠠᠨ ᠬᠥᠳᠡᠯᠦᠯᠴᠡᠬᠦ ᠶᠢ ᠦᠷᠭᠦᠯᠵᠢᠯᠡᠨ | ᠰᠠᠶᠢᠲᠤᠷ ᠠᠳᠬᠤᠵᠤ᠂ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠮᠢᠨ ᠬᠡᠷᠡᠭ ᠢ ᠰᠡᠷᠭᠡᠶᠢᠯᠡᠨ | ᠡᠵᠡᠮᠳᠡᠬᠦ ᠠᠵᠢᠯ ᠢ ᠪᠣᠳᠠᠲᠠᠶ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠬᠠᠮᠠᠭᠠᠯᠠᠨ᠎ᠠ ᠭᠡᠵᠡᠶ᠃ |