ᠭᠡᠭᠡᠨᠰᠦ᠋ᠮ᠎ᠡ ᠪᠠᠯᠭᠠᠰᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/18
        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠪᠥᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ᠃ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ᠂ ᠪᠠᠯᠭᠠᠰᠤᠨ ᠳᠠᠷᠤᠭ᠎ᠠ ᠰᠢᠤᠸᠠᠢ ᠬᠤᠸᠠ ᠹᠸᠢ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠨ᠂ ᠡᠯ᠎ᠡ ᠭᠠᠴᠠᠭᠠᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ ᠵᠢᠴᠢ ᠪᠦᠬᠦ ᠪᠠᠶᠢᠭᠤᠯᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃
1.jpg
        ᠵᠣᠷᠢᠭ ᠰᠠᠨᠠᠭ᠎ᠠ ᠶᠢ ᠤᠯᠠᠮᠵᠢᠯᠠᠨ ᠰᠡᠷᠭᠡᠶᠢᠯᠡᠯᠲᠡ ᠶᠢᠨ ᠱᠣᠭᠤᠮ ᠢ ᠪᠠᠬᠢᠵᠢᠭᠦᠯᠦᠨ᠎ᠡ        ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠠᠬᠢᠨ ᠰᠤᠷᠤᠯᠴᠠᠪᠠ᠃ ᠪᠠᠯᠭᠠᠰᠤᠨ ᠳᠠᠷᠤᠭ᠎ᠠ ᠰᠢᠤᠸᠠᠢ ᠬᠤᠸᠠ ᠹᠸᠢ ᠪᠠᠰᠠ ᠨᠠᠮ ᠤᠨ ᠭᠡᠰᠢᠭᠦᠨ ᠺᠠᠳ᠋ᠷ ᠤᠨ ᠰᠣᠭᠲᠣᠭᠤ ᠪᠠᠷ ᠲᠡᠷᠭᠡ ᠵᠢᠯᠣᠭᠤᠳᠬᠤ ᠲᠤᠬᠠᠶ ᠲᠤᠰᠬᠠᠶ ᠰᠡᠳᠦᠪᠲᠦ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃        ᠲᠡᠷᠢᠭᠦᠨ ᠢ ᠬᠥᠬᠢᠭᠦᠯᠵᠦ ᠦᠯᠢᠭᠡᠷ ᠳᠠᠭᠤᠷᠢᠶᠠᠯ ᠢ ᠬᠥᠮᠦᠵᠢᠭᠦᠯᠦᠨ᠎ᠡ        ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠺᠠᠳ᠋ᠷ ᠠᠵᠢᠯᠳᠠᠨ ᠠᠵᠢᠯᠴᠢᠨ ᠤ ᠰᠢᠯᠢᠳᠡᠭ ᠠᠮᠵᠢᠯᠲᠠ ᠶᠢ ᠵᠣᠷᠢᠭᠲᠠᠢ ᠪᠠᠷ ᠡᠭᠦᠳᠬᠦ ᠶᠢ ᠵᠣᠷᠢᠭᠵᠢᠭᠤᠯᠬᠤ ᠶᠢᠨ ᠲᠥᠯᠥᠭᠡ᠂ ᠶᠡᠭᠡ ᠬᠤᠷᠠᠯ ᠠᠴᠠ ᠪᠠᠰᠠ ᠥᠩᠭᠡᠷᠡᠭᠰᠡᠨ ᠨᠢᠭᠡ ᠵᠢᠯ ᠳᠤ ᠡᠯ᠎ᠡ ᠹᠷᠣᠨᠲ ᠲᠤ ᠭᠠᠷᠮᠠᠭᠠᠢ ᠢᠯᠡᠷᠡᠯ ᠲᠠᠢ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠬᠥᠬᠢᠭᠦᠯᠦᠨ ᠰᠠᠶᠢᠰᠢᠶᠠᠵᠤ ᠳᠠᠭᠤᠰᠤᠭᠰᠠᠨ ᠤ ᠳᠠᠷᠠᠭ᠎ᠠ᠂ ᠲᠡᠷᠢᠭᠦᠨ ᠤ ᠲᠥᠯᠥᠭᠡᠯᠡᠭᠴᠢ ᠪᠠᠶᠠᠨᠬᠠᠳᠠ ᠭᠠᠴᠠᠭᠠᠨ ᠤ ᠨᠠᠮ ᠤᠨ ᠡᠭᠦᠷ ᠤᠨ ᠱᠦᠵᠢ ᠸᠠᠩ ᠯᠢᠦ ᠵᠤᠸᠠᠩ᠂ ᠬᠠᠳᠠᠨ ᠠᠷᠤ ᠭᠠᠴᠠᠭᠠᠨ ᠤ ᠨᠠᠮ ᠤᠨ ᠡᠭᠦᠷ ᠤᠨ ᠱᠦᠵᠢ ᠸᠠᠩ ᠵᠢᠶᠦ᠋ᠨ ᠵᠢᠴᠢ ᠪᠠᠶᠠᠨᠬᠤᠸᠠ ᠭᠠᠴᠠᠭᠠᠨ ᠤ ᠨᠠᠮ ᠤᠨ ᠡᠭᠦᠷ ᠤᠨ ᠱᠦᠵᠢ ᠪᠠᠶ ᠪᠦᠦ ᠴᠧᠩ ᠲᠣᠰ ᠲᠣᠰ ᠲᠠᠶᠢᠰᠠᠨ ᠳᠤ ᠭᠠᠷᠴᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠢ ᠬᠥᠭᠵᠢᠭᠦᠯᠬᠦ᠂ ᠲᠠᠷᠢᠶᠠᠯᠠᠩ ᠤᠨ ᠬᠤᠯᠪᠣᠭᠠᠲᠤ ᠴᠣᠭᠴᠠ ᠶᠢᠨ ᠬᠤᠷᠰᠢᠶ᠎ᠠ ᠵᠡᠷᠭᠡ ᠲᠣᠰ ᠲᠣᠰ ᠤᠨ ᠠᠵᠢᠯ ᠤᠨ ᠬᠢᠯᠠᠰ ᠴᠡᠭ᠂ ᠰᠠᠨᠠᠯ ᠢᠶᠠᠨ ᠰᠣᠯᠢᠯᠴᠠᠪᠠ᠃ ᠭᠤᠷᠪᠠᠨ ᠲᠥᠯᠥᠭᠡᠯᠡᠭᠴᠢ ᠶᠢᠨ ᠶᠠᠷᠢᠶᠠᠨ ᠤ ᠠᠭᠤᠯᠭ᠎ᠠ ᠨᠢ ᠨᠠᠷᠢᠨ ᠪᠣᠳᠠᠲᠠᠶ᠂ ᠬᠢᠯᠠᠰ ᠴᠡᠭ ᠣᠯᠠᠨ᠂ ᠲᠤᠷᠰᠢᠯᠭ᠎ᠠ ᠪᠠᠨ ᠳ᠋ᠦᠩᠨᠡᠭᠰᠡᠨ ᠪᠥᠭᠡᠳ ᠢᠷᠡᠭᠡᠳᠦᠶ ᠶᠢ ᠪᠠᠷᠠᠯᠠᠵᠤ᠂ ᠪᠥᠬᠦ ᠺᠠᠳ᠋ᠷᠴᠤᠳ ᠲᠤ ᠲᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠠᠵᠢᠯ ᠤᠨ ᠰᠡᠳᠬᠢᠮᠵᠢ ᠬᠠᠩᠭᠠᠵᠤ᠂ ᠣᠯᠠᠨ ᠤ ᠬᠠᠯᠠᠭᠤᠨ ᠠᠯᠠᠭ᠎ᠠ ᠲᠠᠰᠢᠯᠳᠠ ᠶᠢ ᠣᠯᠤᠭᠰᠠᠨ ᠪᠠᠶᠢᠨ᠎ᠠ᠃        ᠬᠠᠷᠠᠯᠲᠠ ᠪᠠᠨ ᠲᠣᠳᠣᠷᠬᠠᠶᠢᠯᠠᠵᠤ ᠤᠨᠢᠨ ᠳᠡᠭᠡᠷ᠎ᠡ ᠨᠢ ᠬᠦᠴᠦᠯᠡᠨ᠎ᠡ        ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ ᠥᠩᠭᠡᠷᠡᠭᠰᠡᠨ ᠨᠢᠭᠡ ᠵᠢᠯ ᠤᠨ ᠭᠡᠭᠡᠨᠰᠦ᠋ᠮ᠎ᠡ ᠪᠠᠯᠭᠠᠰᠤᠨ ᠤ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠵᠠᠰᠠᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠤᠯᠠᠨ ᠲᠠᠯ᠎ᠠ ᠪᠠᠷ ᠣᠯᠤᠭᠰᠠᠨ ᠢᠯᠡᠳᠲᠡ ᠠᠮᠵᠢᠯᠲᠠ ᠪᠦᠲᠦᠮᠵᠢ ᠳᠤ ᠪᠦᠬᠦ ᠲᠠᠯ᠎ᠠ ᠶᠢᠨ ᠪᠥᠭᠡᠳ ᠭᠦᠨᠵᠡᠭᠡᠢ ᠳ᠋ᠥᠩᠨᠡᠯᠲᠡ ᠬᠢᠬᠦ ᠶᠢᠨ ᠬᠠᠮᠲᠤ 2025 ᠣᠨ ᠤ ᠠᠵᠢᠯ ᠤᠨ ᠬᠠᠷᠠᠯᠲᠠ ᠪᠣᠯᠤᠨ ᠭᠤᠣᠯ ᠡᠭᠦᠷᠭᠡ ᠳᠤ ᠨᠠᠷᠢᠨ ᠨᠢᠭᠲᠠ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯ ᠰᠢᠵᠢᠮ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠦᠨᠳᠦᠷᠴᠡ ᠳᠤ ᠬᠦᠷᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠲᠣᠰ ᠤᠳᠠᠭᠠᠨ ᠤ ᠺᠠᠳ᠋ᠷᠴᠤᠳ ᠤᠨ ᠶᠡᠭᠡ ᠬᠤᠷᠠᠯ ᠤᠨ ᠤᠷᠤᠭᠰᠢᠲᠠᠶ ᠬᠤᠷᠠᠯᠳᠤᠭᠰᠠᠨ ᠨᠢ ᠭᠡᠭᠡᠨᠰᠦ᠋ᠮ᠎ᠡ ᠪᠠᠯᠭᠠᠰᠤᠨ ᠤ ᠢᠷᠡᠭᠡᠳᠦᠶ ᠶᠢᠨ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠵᠤ᠂ ᠬᠦᠴᠦᠨ ᠴᠢᠳᠠᠯ ᠢ ᠨᠢᠭᠲᠠᠷᠠᠭᠤᠯᠪᠠ᠃ ᠪᠦᠬᠦ ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠪᠠᠷ᠂ ᠭᠡᠭᠡᠨᠰᠦ᠋ᠮ᠎ᠡ ᠪᠠᠯᠭᠠᠰᠤ ᠯᠠᠪᠲᠠᠢ ᠰᠢᠨ᠎ᠡ ᠠᠶᠠᠨ ᠵᠠᠮ ᠳᠤ ᠯᠠᠪᠳᠠᠭᠤᠨ ᠪᠠᠲᠤᠲᠠᠢ ᠠᠯᠬᠤᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠦᠷᠯᠢᠭ ᠰᠠᠶᠢᠬᠠᠨ ᠬᠠᠭᠤᠳᠠᠰᠤ ᠶᠢ ᠵᠢᠷᠤᠭᠯᠠᠨ᠎ᠠ ᠭᠡᠳᠡᠭ ᠢ ᠢᠲᠡᠭᠡᠵᠦ ᠪᠠᠶᠢᠨ᠎ᠠ ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号