ᠲᠠᠪᠢᠨ ᠥᠷᠲᠡᠭᠡ ᠪᠠᠯᠭᠠᠰᠤᠨ ᠤ ᠨᠠᠮ ᠤᠨ ᠬᠤᠷᠢᠶ᠎ᠠ 2025 ᠣᠨ ᠤ ᠵᠡᠪᠰᠡᠭᠲᠦ ᠬᠦᠴᠦᠨ ᠤ ᠠᠵᠢᠯ ᠢ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/19
        ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤᠨ ᠤ ᠨᠠᠮ ᠤᠨ ᠬᠤᠷᠢᠶ᠎ᠠ 2025 ᠣᠨ ᠤ ᠵᠡᠪᠰᠡᠭᠲᠦ ᠬᠦᠴᠦᠨ ᠤ ᠠᠵᠢᠯ ᠢ ᠵᠥᠪᠯᠡᠬᠦ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠸᠠᠩ ᠧᠨ ᠲᠦᠩ ᠨᠥᠬᠦᠷ 2024 ᠣᠨ ᠤ ᠵᠡᠪᠰᠡᠭᠲᠦ ᠬᠦᠴᠦᠨ ᠤ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠨ ᠬᠠᠷᠢᠭᠤ ᠮᠡᠳᠡᠭᠦᠯᠬᠦ ᠶᠢᠨ ᠬᠠᠮᠲᠤ ᠪᠠᠯᠭᠠᠰᠤᠨ ᠤ 2025 ᠣᠨ ᠤ ᠵᠡᠪᠰᠡᠭᠲᠦ ᠬᠦᠴᠦᠨ ᠤ ᠠᠵᠢᠯ ᠤᠨ ᠭᠤᠤᠯᠳᠠᠯᠭ᠎ᠠ ᠶᠢ ᠳᠣᠭᠢᠷᠠᠭᠤᠯᠪᠠ᠃
1.jpg
        ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠵᠢᠭᠠᠨ ᠵᠢᠯᠣᠭᠤᠳᠣᠭᠴᠢ ᠰᠦᠨ ᠲᠢᠶᠠᠨ ᠹᠧᠩ ᠨᠥᠬᠦᠷ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠵᠡᠪᠰᠡᠭᠲᠦ ᠬᠦᠴᠦᠨ ᠤ ᠠᠵᠢᠯ ᠢ ᠪᠠᠯᠭᠠᠰᠤᠨ ᠤ ᠨᠠᠮ ᠤᠨ ᠬᠤᠷᠢᠶᠠᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠶᠢᠨ ᠳᠦᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠨ᠂ ᠡᠷᠦᠬᠡ ᠶᠢᠨ ᠴᠡᠷᠢᠭ ᠤᠨ ᠡᠩᠨᠡᠭᠡᠨ ᠤ ᠪᠠᠴᠢᠮ ᠪᠠᠶᠢᠳᠠᠯ ᠢ ᠠᠷᠭᠠᠴᠠᠭᠠᠨ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠦᠶ᠎ᠡ ᠳᠤ ︽ᠬᠡᠷᠡᠭᠯᠡᠵᠦ ᠳᠡᠶᠢᠯᠬᠦ᠂ ᠦᠢᠯᠡᠳᠦᠯ ᠦᠵᠡᠭᠦᠯᠬᠦ᠂ ᠳᠠᠶᠢᠴᠢᠯᠠᠵᠤ ᠳᠡᠶᠢᠯᠬᠦ︾ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ᠂ ᠴᠡᠷᠢᠭ ᠡᠯᠰᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠴᠡᠷᠢᠭ ᠤᠨ ᠠᠯᠪᠠᠨ ᠤ ᠬᠠᠤᠯᠢ ᠳᠤᠭᠳᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠴᠢᠯᠡᠨ᠂ ᠴᠡᠷᠢᠭ ᠡᠯᠰᠡᠬᠦ ᠠᠵᠢᠯ ᠤᠨ ᠮᠡᠳᠡᠬᠦ ᠨᠤᠷᠮ᠎ᠠ ᠪᠠ ᠳᠠᠳᠠᠬᠤ ᠬᠦᠴᠦᠨ ᠢ ᠳᠡᠭᠡᠭᠰᠢᠯᠡᠭᠦᠯᠵᠦ᠂ ᠴᠡᠷᠢᠭ ᠠᠩᠭᠢ ᠳᠤ ᠰᠢᠯᠢᠳᠡᠭ ᠴᠡᠷᠢᠭ ᠬᠦᠷᠭᠡᠬᠦ ᠬᠡᠷᠡᠭᠲᠡᠢ᠃    ᠳᠥᠷᠪᠡ ᠳᠤ ᠴᠡᠷᠢᠭ ᠠᠩᠭᠢ ᠪᠠ ᠣᠷᠣᠨ ᠨᠤᠲᠤᠭ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠤᠨ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠴᠡᠷᠢᠭ ᠬᠥᠮᠦᠨ ᠴᠡᠷᠢᠭ ᠤᠨ ᠬᠡᠷ ᠪᠦᠯᠢ ᠶᠢᠨ ᠪᠣᠳᠠᠲᠠᠶ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠪᠥᠬᠦ ᠪᠠᠯᠭᠠᠰᠤᠨ ᠳᠤ ᠴᠡᠷᠢᠭ ᠢ ᠬᠦᠨᠳᠦᠳᠬᠡᠬᠦ᠂ ᠴᠡᠷᠢᠭ ᠤᠨ ᠬᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃         ᠲᠤᠰ ᠤᠳᠠᠭᠠᠨ ᠤ ᠬᠤᠷᠠᠯ ᠨᠢ ᠲᠠᠪᠢᠨ ᠥᠷᠲᠡᠭᠡ ᠪᠠᠯᠭᠠᠰᠤᠨ ᠤ ᠨᠠᠮ ᠤᠨ ᠬᠤᠷᠢᠶᠠᠨ ᠤ ᠵᠡᠪᠰᠡᠭᠲᠦ ᠬᠦᠴᠦᠨ ᠤ ᠠᠵᠢᠯ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠪᠰᠡᠭᠲᠦ ᠬᠦᠴᠦᠨ ᠢ ᠠᠳᠬᠤᠬᠤ᠂ ᠬᠥᠭᠵᠢᠯᠲᠡ ᠶᠢ ᠠᠬᠢᠭᠤᠯᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ 2025 ᠣᠨ ᠤ ᠵᠡᠪᠰᠡᠭᠲᠦ ᠬᠦᠴᠦᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠲᠠᠪᠢᠨ ᠦᠷᠲᠡᠭᠡ ᠪᠠᠯᠭᠠᠰᠤ ᠶᠢᠨ ᠬᠢᠨ ᠴᠡᠷᠢᠭ ᠠᠩᠭᠢ ᠪᠠ ᠣᠷᠣᠨ ᠨᠤᠲᠤᠭ ᠬᠠᠮᠲᠤᠪᠠᠷ ᠪᠠᠶᠢᠭᠤᠯᠬᠤ ᠲᠠᠯ᠎ᠠ ᠠᠴᠠ ᠡᠭᠦᠰᠴᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠷᠦᠬᠡ ᠶᠢᠨ ᠴᠡᠷᠢᠭ ᠡᠯᠰᠡᠬᠦ ᠠᠵᠢᠯ ᠢ ᠬᠦᠴᠦᠯᠡᠨ ᠰᠠᠶᠢᠲᠤᠷ ᠬᠢᠵᠦ᠂ ᠡᠷᠦᠬᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠩᠭᠢ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠴᠡᠷᠢᠭ ᠠᠷᠠᠳ ᠤᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃   
 
ᠢᠷᠡᠯᠲᠡ᠄ ᠲᠠᠪᠢᠨ ᠦᠷᠲᠡᠭᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号