| | 2025 ᠣᠨ ᠤ 3 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠮᠠ ᠮᠧᠩ᠂ ᠬᠤᠲᠠ ᠶᠢᠨ ᠳᠡᠳ᠋ ᠳᠠᠷᠤᠭ᠎ᠠ ᠼᠦᠢ ᠶᠠᠨ ᠪᠥᠸᠧ ᠰᠢᠨ᠎ᠡ ᠬᠤᠲᠠ | ᠵᠡᠭᠡᠯᠢ ᠳᠤ ᠬᠦᠷᠴᠦ᠂ ᠵᠠᠰᠠᠭᠲᠤ ᠲᠤᠭᠤᠷ ᠤᠨ ᠭᠤᠤᠯ ᠶᠡᠭᠡ ᠬᠥᠭᠦᠷᠭᠡ ᠶᠢᠨ ᠲᠥᠷᠥᠯ ᠵᠦᠢᠯ ᠤᠨ ᠭᠠᠵᠠᠷ ᠰᠢᠷᠤᠢ | ᠲᠠᠲᠠᠪᠤᠷᠢᠯᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶᠠᠨ ᠤ ᠳᠠᠷᠤᠭ᠎ᠠ ᠦ᠋ ᠵᠢᠶᠠᠨ ᠷᠦᠩ᠂ ᠰᠢᠨ᠎ᠡ ᠬᠤᠲᠠ ᠵᠡᠭᠡᠯᠢ ᠶᠢᠨ ᠨᠠᠮ ᠤᠨ ᠠᠵᠢᠯ ᠤᠨ | ᠵᠥᠪᠯᠡᠯ ᠤᠨ ᠱᠦᠵᠢ ᠢᠦᠶ ᠰᠢᠶᠤᠤ ᠮᠢᠩ᠂ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠰᠥᠩ ᠵᠢᠩ | ᠵᠢᠩ ᠪᠠᠷ᠎ᠠ ᠪᠣᠯᠵᠣ ᠪᠠᠶᠢᠴᠠᠭᠠᠨ ᠰᠤᠳᠤᠯᠪᠠ᠃ | | | | | ᠬᠤᠲᠠ ᠶᠢᠨ ᠳᠠᠷᠤᠭ᠎ᠠ ᠮᠠ ᠮᠧᠩ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠭᠠᠵᠠᠷ | ᠰᠢᠷᠣᠶ ᠶᠢ ᠲᠠᠲᠠᠪᠤᠷᠢᠯᠠᠨ ᠬᠡᠷᠡᠭᠯᠡᠬᠦ ᠬᠦᠷᠢᠶ᠎ᠡ ᠬᠡᠪᠴᠢᠶ᠎ᠡ᠂ ᠭᠠᠵᠠᠷ ᠰᠢᠷᠣᠶ ᠶᠢᠨ ᠲᠥᠯᠥᠪᠵᠢᠭᠦᠯᠭᠡ ᠵᠢᠴᠢ | ᠣᠳᠣᠬᠠᠨ ᠳᠤ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠪᠠ ᠲᠠᠲᠠᠪᠤᠷᠢᠯᠠᠭᠠᠳᠤᠢ ᠡᠷᠦᠬᠡ ᠶᠢᠨ ᠲᠤᠭ᠎ᠠ᠂ ᠮᠦ ᠶᠢᠨ ᠲᠤᠭ᠎ᠠ | ᠂ ᠪᠡᠯᠡ ᠮᠥᠩᠭᠦ ᠰᠢᠯᠵᠢᠭᠦᠯᠦᠨ ᠥᠭᠭᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠢᠯ ᠤᠨ ᠠᠬᠢᠴᠠ ᠪᠠᠨ | ᠤᠯᠠᠮ ᠨᠢᠭᠡ ᠠᠯᠬᠤᠮ ᠲᠦᠷᠭᠡᠳᠬᠡᠵᠦ᠂ ᠲᠥᠷᠥᠯ ᠵᠦᠢᠯ ᠤᠨ ᠲᠠᠲᠠᠪᠤᠷᠢᠯᠠᠨ ᠬᠤᠷᠢᠶᠠᠬᠤ ᠠᠵᠢᠯ ᠤᠨ ᠳᠤᠮᠳᠠ | ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠥᠨᠳᠥᠷ ᠪᠦᠲᠦᠮᠵᠢᠲᠡᠶ ᠪᠠᠷ | ᠰᠢᠢᠳᠪᠦᠷᠢᠯᠡᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ | ᠬᠤᠲᠠ ᠶᠢᠨ ᠳᠠᠷᠤᠭ᠎ᠠ ᠮᠠ ᠮᠧᠩ᠂ ᠵᠠᠰᠠᠭᠲᠤ ᠬᠥᠭᠦᠷᠭᠡ ᠶᠢ ᠪᠠᠶᠢᠭᠤᠯᠵᠤ ᠵᠠᠮ ᠵᠠᠰᠠᠬᠤ ᠲᠦᠷᠦᠯ ᠵᠦᠢᠯ | ᠪᠣᠯ ᠴᠢᠬᠤᠯᠠ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠪᠣᠯᠬᠤ ᠪᠠᠷ ᠪᠠᠷᠠᠬᠤ ᠦᠭᠡᠢ᠂ ᠨᠡᠩ ᠴᠤ | ᠤᠯᠠᠭᠠᠨᠬᠤᠲᠠ ᠶᠢᠨ ᠡᠷᠬᠢᠨ ᠲᠣᠭᠤᠷᠢᠨ᠂ ᠭᠤᠤᠯ ᠤᠨ ᠵᠡᠭᠦᠨᠳᠡᠬᠢ ᠬᠠᠷᠢᠶ᠎ᠠ ᠣᠷᠣᠨ ᠤ ᠬᠤᠳᠠ ᠶᠢᠨ ᠪᠦᠳᠦᠭᠡᠨ | ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠷᠠᠭᠠᠴᠢ ᠶᠢᠨ ᠠᠯᠬᠤᠮ ᠳᠤ ᠭᠤᠤᠯ ᠤᠨ | ᠵᠡᠭᠦᠨᠳᠡᠬᠢ ᠬᠠᠷᠢᠶ᠎ᠠ ᠣᠷᠣᠨ ᠤ ᠰᠠᠭᠤᠷᠢ ᠲᠥᠬᠦᠭᠡᠷᠦᠮᠵᠢ ᠶᠢᠨ ᠠᠩᠬᠠᠷᠤᠯ ᠪᠠ ᠲᠥᠷᠥ ᠶᠢᠨ ᠪᠣᠳᠣᠯᠭ᠎ᠠ | ᠴᠢᠩᠭᠠᠳᠬᠠᠵᠤ᠂ ᠲᠠᠲᠠᠪᠤᠷᠢᠯᠠᠵᠤ ᠳᠠᠭᠤᠰᠬᠠᠭᠠᠳᠤᠶ ᠭᠠᠵᠠᠷ ᠰᠢᠷᠣᠶ ᠶᠢ ᠦᠷᠭᠦᠯᠵᠢᠯᠡᠨ ᠥᠨᠳᠥᠷ ᠪᠦᠲᠦᠮᠵᠢᠲᠡᠶ ᠪᠠᠷ | ᠠᠬᠢᠭᠤᠯᠵᠤ᠂ ᠲᠠᠪᠤᠨ ᠰᠠᠷ᠎ᠠ ᠶᠢᠨ ᠨᠢᠭᠡᠨ ᠠᠴᠠ ᠡᠮᠦᠨ᠎ᠡ ᠲᠠᠲᠠᠪᠤᠷᠢᠯᠠᠬᠤ ᠠᠵᠢᠯ ᠢ ᠪᠡᠶᠡᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠬᠤ ᠶᠢᠨ ᠬᠠᠮᠲᠤ ᠡᠳ᠋ ᠤᠨ ᠵᠠᠰᠠᠭ ᠤᠨ ᠲᠣᠪᠴᠢᠶ᠎ᠠ ᠶᠢ ᠪᠡᠯᠡ ᠮᠥᠩᠭᠦ ᠶᠢ ᠴᠠᠭ ᠲᠤᠬᠠᠶ ᠳᠤᠨᠢ | ᠪᠠᠭᠤᠯᠭᠠᠨ ᠥᠭᠴᠦ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | | | | |