| | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠪᠦᠬᠦ | ᠬᠦᠴᠦᠨ ᠢᠶᠠᠷ ᠢᠶᠠᠨ ᠦᠢᠯᠡᠳᠦᠯᠭᠡᠵᠢᠭᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠢ | ᠰᠠᠶᠢᠲᠤᠷ ᠵᠠᠰᠠᠬᠤ ᠶᠢᠨ ᠲᠦᠯᠦᠭᠡ᠂ 3 ᠰᠠᠷ᠎ᠠ ᠶᠢᠨ 19 ᠤ ᠡᠳᠦᠷ᠂ ᠮᠠᠨᠳᠠ ᠨᠡᠶᠢᠭᠡᠮ ᠲᠣᠭᠤᠷᠢᠭ ᠵᠥᠷᠢᠴᠡᠯ | ᠵᠢᠭᠤᠷᠠᠯᠳᠤᠭᠠᠨ ᠵᠢᠴᠢ ᠨᠡᠭᠦᠳᠡᠯ ᠬᠥᠮᠦᠨ ᠠᠮᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ | ᠠᠵᠢᠯᠯᠠᠭ᠎ᠠ ᠥᠷᠨᠢᠭᠦᠯᠪᠡ᠃ | | | | | ᠨᠡᠶᠢᠭᠡᠮ ᠲᠣᠭᠤᠷᠢᠭ ᠤᠨ ᠠᠵᠢᠯᠲᠠᠳ ᠳᠤᠭᠤᠶᠢᠯᠠᠩ ᠬᠤᠪᠢᠶᠠᠨ ᠬᠥᠳᠡᠯᠵᠦ ᠡᠷᠦᠬᠡ ᠳᠠᠷᠠᠭᠠᠯᠠᠨ | ᠰᠤᠷᠪᠤᠯᠵᠢᠯᠠᠪᠠ᠃ ᠡᠷᠦᠬᠡ ᠬᠦᠷᠬᠦ ᠪᠦᠷᠢ᠂ ᠠᠵᠢᠯᠲᠠᠳ ᠴᠥᠮ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ᠂ | ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ ᠣᠷᠣᠰᠢᠵᠤ ᠪᠠᠶᠢᠬᠤ ᠡᠰᠡᠬᠦ ᠶᠢ ᠨᠠᠷᠢᠨ | ᠬᠢᠨᠠᠮᠠᠭᠠᠢ ᠠᠰᠠᠭᠤᠨ ᠯᠠᠪᠯᠠᠵᠤ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢᠶᠠᠨ | ᠲᠤᠰᠬᠠᠬᠤ ᠶᠢ ᠵᠣᠷᠢᠭᠵᠢᠭᠤᠯᠪᠠ᠃ ᠰᠠᠭᠤᠭᠠᠯᠢ ᠠᠷᠠᠳ ᠤᠨ ᠳᠤᠷᠠᠳᠤᠭᠰᠠᠨ ᠬᠦᠴᠢᠷᠳᠡᠯ ᠳᠤ ᠴᠢᠭᠯᠡᠭᠦᠯᠦᠨ᠂ | ᠠᠵᠢᠯᠲᠠᠳ ᠬᠦᠯᠢᠴᠡᠩᠭᠦᠶ ᠪᠠᠷ ᠰᠣᠨᠣᠰᠴᠤ᠂ ᠨᠠᠷᠢᠨ ᠲᠣᠳᠣᠷᠬᠠᠶ ᠲᠡᠮᠳᠡᠭᠯᠡᠬᠦ ᠶᠢᠨ ᠬᠠᠮᠲᠤ ᠲᠤᠬᠠᠶ ᠶᠢᠨ ᠲᠠᠯᠠᠪᠠᠶ ᠳᠤ | ᠡᠶᠡᠳᠡᠭᠦᠯᠬᠦ ᠪᠠ ᠬᠥᠲᠥᠯᠥᠨ ᠵᠢᠯᠣᠭᠤᠳᠴᠤ᠂ ᠵᠥᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠪᠡ᠃ | ᠡᠭᠦᠨ ᠤ ᠬᠠᠮᠲᠤ᠂ ᠨᠡᠭᠦᠳᠡᠯ ᠬᠥᠮᠦᠨ ᠠᠮᠠ ᠶᠢ ᠵᠢᠭᠰᠠᠭᠠᠨ ᠪᠠᠶᠢᠴᠠᠭᠠᠬᠤ ᠠᠵᠢᠯ ᠴᠤ ᠡᠮᠬᠢ ᠵᠢᠷᠤᠮ ᠲᠠᠢ | ᠶᠠᠪᠤᠭᠳᠠᠵᠠᠢ᠃ ᠠᠵᠢᠯᠲᠠᠳ ᠨᠡᠭᠦᠳᠡᠯ ᠬᠥᠮᠦᠨ ᠠᠮᠠ ᠶᠢᠨ ᠮᠡᠳᠡᠭᠡ ᠵᠠᠩᠭᠢ ᠶᠢ ᠨᠠᠷᠢᠨ ᠨᠢᠮᠪᠠᠶ ᠬᠠᠷᠭᠤᠭᠤᠯᠤᠨ᠂ ᠡᠬᠡ | ᠲᠠᠩᠰᠠ ᠪᠠᠨ ᠰᠢᠨᠡᠳᠬᠡᠵᠦ᠂ ᠮᠡᠳᠡᠭᠡ ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠪᠠᠰᠠ | ᠨᠡᠭᠦᠳᠡᠯ ᠬᠥᠮᠦᠨ ᠠᠮᠠ ᠳᠤ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠲᠡᠳᠡᠨ ᠢ ᠬᠠᠪᠰᠤᠷᠤᠨ ᠨᠡᠶᠢᠭᠡᠮ ᠲᠣᠭᠤᠷᠢᠭ ᠤᠨ ᠠᠮᠢᠳᠤᠷᠠᠯ ᠳᠤ ᠨᠠᠩ ᠰᠠᠶᠢᠨ ᠠᠭᠤᠰᠤᠯᠴᠠᠭᠤᠯᠵᠤ᠂ | ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠰᠠᠭᠤᠭᠠᠯᠢ ᠠᠷᠠᠳ ᠲᠤ ᠬᠠᠷᠢᠶᠠᠯᠠᠭᠳᠠᠬᠤ | ᠰᠡᠳᠬᠢᠯᠭᠡ ᠣᠯᠭᠤᠵᠠᠢ᠃ | | | | | ᠡᠷᠦᠬᠡ ᠪᠠᠷ ᠬᠦᠷᠴᠦ ᠵᠢᠭᠰᠠᠭᠠᠨ ᠪᠠᠶᠢᠴᠠᠭᠠᠬᠤ ᠬᠤᠭᠤᠴᠠᠭᠠᠨ ᠳᠤ᠂ ᠠᠵᠢᠯᠲᠠᠳ ᠪᠠᠰᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠢᠳᠡᠪᠬᠢᠲᠡᠶ ᠥᠷᠨᠢᠭᠦᠯᠦᠨ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠢᠭᠡᠳ ᠬᠠᠤᠯᠢ ᠴᠠᠭᠠᠵᠠ | ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠦᠨᠳᠦᠰᠦᠲᠡᠨ ᠤ | ᠪᠦᠯᠬᠦᠮᠳᠡᠯ ᠤᠨ ᠦᠵᠡᠯᠲᠡ ᠶᠢ ᠪᠣᠶ ᠪᠣᠯᠭᠠᠵᠤ᠂ ᠬᠠᠮᠲᠤ ᠪᠠᠷ ᠣᠷᠣᠰᠢᠨ ᠰᠠᠭᠤᠬᠤ᠂ ᠬᠠᠮᠲᠤ ᠪᠠᠷ ᠰᠤᠷᠤᠯᠴᠠᠬᠤ᠂ | ᠬᠠᠮᠲᠤ ᠪᠠᠷ ᠠᠵᠢᠯᠯᠠᠬᠤ᠂ ᠬᠠᠮᠲᠤ ᠪᠠᠷ ᠪᠠᠶᠠᠰᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠳᠠᠯᠳᠠ ᠵᠥᠷᠢᠴᠡᠯ | ᠵᠢᠭᠤᠷᠠᠯᠳᠤᠭᠠᠨ ᠢ ᠴᠠᠭ ᠲᠤᠬᠠᠶ ᠳᠤᠨᠢ ᠠᠷᠢᠯᠭᠠᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ | ᠨᠢᠭᠲᠠᠷᠠᠯ ᠤᠨ ᠬᠦᠴᠦᠨ ᠢ ᠨᠡᠮᠡᠭᠳᠡᠭᠦᠯᠪᠡ᠃ ᠢᠷᠡᠭᠡᠳᠦᠢ ᠳᠤ᠂ ᠮᠠᠨᠳᠠ ᠨᠡᠶᠢᠭᠡᠮ ᠲᠣᠭᠤᠷᠢᠭ ᠪᠠᠶᠢᠩᠭᠤ ᠶᠢᠨ ᠴᠢᠨᠠᠷᠲᠠᠢ | ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠪᠦᠯᠬᠦᠮᠳᠡᠯ ᠲᠠᠢ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃ | | | |