| | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ | ᠭᠤᠶᠣ ᠰᠠᠶᠢᠬᠠᠨ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ | 19 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠤᠲᠠ ᠵᠢᠨᠬᠤᠸᠠᠨ ᠱᠠᠨ ᠨᠡᠶᠢᠭᠡᠮ ᠲᠣᠭᠤᠷᠢᠭ ᠪᠣᠯᠤᠨ ᠬᠤᠩ | ᠭᠤᠸᠠᠩ ᠦᠯᠡᠳᠡᠨ ᠰᠠᠬᠢᠬᠤ ᠭᠠᠵᠠᠷ ᠤᠨ ᠬᠢᠨ ᠠᠳᠠᠯ ᠠᠬᠤᠶ ᠵᠢᠴᠢ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ | ᠦᠢᠯᠡᠴᠢᠯᠡᠭᠴᠢ ᠲᠠᠢ ᠬᠠᠮᠲᠤᠷᠠᠨ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | | | | | ᠰᠠᠶᠢᠨ ᠳᠤᠷ᠎ᠠ ᠶᠢᠨ ᠦᠢᠯᠡᠴᠢᠯᠡᠭᠴᠢᠳ ᠾᠦᠢ ᠮᠢᠨ ᠰᠠᠭᠤᠭᠠᠯᠢ ᠲᠣᠭᠤᠷᠢᠭ ᠤᠨ ᠬᠤᠶᠢᠲᠤ ᠲᠠᠯ᠎ᠠ ᠶᠢᠨ | ᠭᠤᠣᠯ ᠵᠠᠮ ᠳᠤ ᠬᠦᠷᠴᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠵᠤ᠂ | ᠤᠯᠠᠨ ᠢᠶᠠᠷ ᠢᠶᠠᠨ ᠪᠤᠵᠠᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ | ᠲᠠᠶᠢᠯᠪᠤᠷᠢᠯᠠᠪᠠ᠃ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 | ᠤᠭᠤᠲᠠ ᠬᠤᠭ ᠨᠣᠪᠰᠢ ᠲᠡᠭᠦᠵᠦ᠂ ᠬᠤᠢ ᠮᠢᠨ ᠰᠠᠭᠤᠭᠠᠯᠢ ᠲᠣᠭᠤᠷᠢᠭ ᠤᠨ ᠬᠤᠶᠢᠲᠤ ᠲᠠᠯ᠎ᠠ ᠶᠢᠨ ᠭᠤᠤᠯ ᠵᠠᠮ ᠤᠨ | ᠳᠦᠷᠰᠦ ᠪᠠᠶᠢᠳᠠᠯ ᠴᠤ᠋ ᠰᠢᠨ᠎ᠡ ᠪᠣᠯᠵᠣ᠂ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠰᠠᠭᠤᠭᠠᠯᠢ ᠠᠷᠠᠳ ᠤᠨ | ᠮᠠᠭᠲᠠᠭᠠᠯ ᠰᠠᠶᠢᠰᠢᠶᠠᠯ ᠢ ᠤᠯᠪᠠ᠃ | | | | | ᠲᠣᠰ ᠤᠳᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠨᠢ | ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠪᠦᠲᠦᠮᠵᠢᠲᠡᠶ | ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠣᠷᠴᠢᠨ | ᠲᠣᠭᠤᠷᠢᠨ ᠢ ᠨᠡᠩ ᠴᠡᠪᠡᠷ ᠴᠡᠮᠴᠡᠭᠡᠷ ᠪᠦᠭᠡᠳ ᠲᠠᠭᠠᠯᠠᠮᠵᠢᠲᠠᠶ ᠪᠣᠯᠭᠠᠵᠠᠢ᠃ ᠢᠷᠡᠭᠡᠳᠦᠢ ᠳᠤ᠂ ᠬᠤᠸᠠᠨ ᠱᠠᠨ | ᠨᠡᠶᠢᠭᠡᠮ ᠲᠣᠭᠤᠷᠢᠭ ᠪᠣᠯᠤᠨ ᠬᠤᠩ ᠭᠤᠸᠠᠩ ᠦᠯᠡᠳᠡᠭᠡᠨ ᠰᠠᠬᠢᠬᠤ ᠭᠠᠵᠠᠷ ᠤᠨ ᠬᠢᠨ ᠣᠷᠴᠢᠨ ᠲᠣᠭᠤᠷᠢᠨ ᠤ | ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠪᠠᠷ ᠲᠠᠰᠤᠷᠠᠯᠲᠠ ᠥᠬᠡᠶ ᠴᠢᠷᠮᠠᠶᠢᠬᠤ ᠶᠢᠨ ᠬᠠᠮᠲᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ | ᠴᠢᠩᠭᠠᠷᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ | ᠤᠬᠠᠮᠰᠠᠷ ᠢ ᠪᠣᠶ ᠪᠣᠯᠭᠠᠵᠤ᠂ ᠪᠣᠯᠪᠠᠰᠤᠨ ᠡᠷᠡᠭᠦᠯ ᠬᠠᠮᠠᠭᠠᠯᠠᠯ ᠤᠨ ᠳᠠᠳᠬᠠᠯ ᠢ ᠪᠣᠶ ᠪᠣᠯᠭᠠᠵᠤ᠂ ᠴᠡᠪᠡᠷ ᠴᠡᠮᠴᠡᠭᠡᠷ᠂ | ᠭᠤᠶᠣ ᠰᠠᠶᠢᠬᠠᠨ᠂ ᠲᠠᠭᠠᠯᠠᠮᠵᠢᠲᠠᠶ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ | ᠴᠢᠳᠠᠯ ᠢᠶᠠᠨ ᠡᠷᠭᠦᠨ᠎ᠡ᠃ | |