| | ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ︽ | ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ | ᠪᠠᠳᠠᠷᠠᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠬᠥᠲᠥᠯᠥᠨ ᠵᠢᠯᠣᠭᠤᠳᠴᠤ ᠰᠣᠶᠣᠯ ᠤᠨ ᠢᠲᠡᠭᠡᠯ ᠢᠶᠠᠨ ᠪᠠᠲᠤᠳᠬᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠤᠯᠠᠮᠵᠢᠯᠠᠯ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ | ᠰᠢᠩᠭᠡᠭᠡᠨ ᠠᠪᠬᠤ ᠶᠢᠨ ᠲᠥᠯᠥᠭᠡ᠂ 3 ᠰᠠᠷ᠎ᠠ ᠶᠢᠨ 18 ᠤ ᠡᠳᠦᠷ᠂ ᠤᠯᠠᠭᠠᠨᠬᠤᠲᠠ ᠶᠢᠨ ᠦ᠋ ᠢ ᠵᠡᠭᠡᠯᠢ ᠶᠢᠨ | ᠲᠠᠶᠢᠴᠢᠨ ᠨᠡᠶᠢᠭᠡᠮ ᠲᠣᠭᠤᠷᠢᠭ ︽ᠤᠮᠠᠷᠠᠲᠤ ᠬᠢᠯᠢ ᠶᠢᠨ ᠰᠣᠶᠣᠯ︾ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ | ᠥᠷᠨᠢᠭᠦᠯᠪᠡ᠃ | | | | | ᠤᠬᠠᠭᠤᠯᠤᠨ ᠲᠠᠶᠢᠯᠪᠤᠷᠢᠯᠠᠬᠤ ᠳᠤᠮᠳᠠ᠂ ᠳᠠᠶᠢᠴᠢᠨ ᠨᠡᠶᠢᠭᠡᠮ ᠲᠣᠭᠤᠷᠢᠭ ᠤᠨ ᠴᠢᠨ ᠾᠧ ᠰᠠᠶᠢᠨ | ᠳᠤᠷᠠᠴᠤᠳ ᠤᠨ ᠤᠬᠠᠭᠤᠯᠤᠨ ᠲᠠᠶᠢᠯᠪᠤᠷᠢᠯᠠᠭᠴᠢ ᠬᠠᠷᠢᠶ᠎ᠠ ᠣᠷᠣᠨ ᠤ ᠰᠠᠭᠤᠭᠠᠯᠢ ᠠᠷᠠᠳ ᠲᠤ ︽ᠤᠮᠠᠷᠠᠲᠤ | ᠬᠢᠯᠢ ᠶᠢᠨ ᠰᠣᠶᠣᠯ︾ ᠤᠨ ᠴᠢᠬᠤᠯᠠ ᠠᠭᠤᠯᠤᠭᠳᠠᠬᠤᠨ ᠪᠣᠯᠤᠨ ᠴᠠᠭ ᠦᠶ᠎ᠡ ᠶᠢᠨ ᠦᠨ᠎ᠡ ᠥᠷᠲᠡᠭ ᠢ ᠨᠠᠷᠢᠨ | ᠲᠠᠶᠢᠯᠪᠤᠷᠢᠯᠠᠵᠠᠢ᠂ ︽ᠤᠮᠠᠷᠠᠲᠤ ᠬᠢᠯᠢ ᠶᠢᠨ ᠰᠣᠶᠣᠯ︾ ᠪᠣᠯ ᠥᠪᠥᠷ ᠮᠣᠩᠭᠤᠯ ᠤᠨ ᠭᠠᠵᠠᠷ ᠣᠷᠣᠨ ᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠶᠠᠪᠤᠴᠠ ᠳᠤ ᠬᠠᠮᠲᠤᠪᠡᠷ ᠪᠦᠲᠦᠭᠡᠭᠰᠡᠨ | ᠰᠣᠶᠤᠯ ᠪᠥᠭᠡᠳ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠡᠬᠡ | ᠤᠯᠤᠰ ᠤᠨ ᠬᠢᠯᠢ ᠬᠢᠵᠠᠭᠠᠷ ᠢ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ | ᠰᠢᠯᠢᠳᠡᠭ ᠤᠯᠠᠮᠵᠢᠯᠠᠯ ᠢ ᠬᠠᠮᠤᠷᠬᠤ ᠶᠢᠨ ᠬᠠᠮᠲᠤ ᠪᠠᠰᠠ ᠵᠣᠭᠰᠤᠯ ᠦᠭᠡᠢ ᠲᠡᠮᠡᠴᠡᠬᠦ᠂ ᠬᠦᠴᠦᠷᠬᠡᠭᠵᠢᠬᠦ ᠪᠠᠷ | ᠬᠦᠴᠦᠯᠡᠨ ᠴᠢᠷᠮᠠᠶᠢᠬᠤ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠤᠨ ︽ᠭᠤᠷᠪᠠᠨ ᠤᠮᠠᠷᠠᠲᠤ ᠶᠢᠨ ᠵᠣᠷᠢᠭ | ᠰᠠᠨᠠᠭ᠎ᠠ︾ ᠶᠢ ᠪᠠᠭᠲᠠᠭᠠᠵᠤ᠂ ᠡᠯ᠎ᠡ ᠦᠨᠳᠦᠰᠦᠲᠡᠨ ᠭᠠᠷ ᠭᠠᠷ ᠢᠶᠠᠨ ᠬᠤᠯᠪᠤᠯᠴᠠᠨ᠂ ᠰᠡᠳᠬᠢᠯ ᠵᠢᠷᠤᠬᠡ ᠪᠠᠨ | ᠬᠤᠯᠪᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠦᠨᠵᠡᠭᠡᠶ | ᠠᠭᠤᠯᠤᠭᠳᠠᠬᠤᠨ ᠠᠭᠤᠯᠤᠭᠳᠠᠵᠤ ᠪᠠᠶᠢᠨ᠎ᠠ᠃ | | | | | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ | ᠠᠷᠠᠳ ᠲᠤ ︽ᠤᠮᠠᠷᠠᠲᠤ ᠬᠢᠯᠢ ᠶᠢᠨ ᠰᠣᠶᠣᠯ︾ ᠳᠤ ᠠᠭᠤᠯᠤᠭᠳᠠᠵᠤ ᠪᠠᠶᠢᠭ᠎ᠠ ᠪᠠᠶᠠᠯᠢᠭ ᠠᠭᠤᠯᠤᠭᠳᠠᠬᠤᠨ ᠢ ᠨᠠᠩ | ᠭᠦᠨᠵᠡᠭᠡᠶ ᠣᠶᠢᠯᠠᠭᠠᠭᠤᠯᠤᠭᠰᠠᠨ ᠪᠥᠭᠡᠳ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠣᠶᠣᠯ ᠤᠨ ᠲᠤᠬᠠᠶ | ᠢᠲᠡᠭᠡᠯ ᠢ ᠤᠯᠠᠮ ᠨᠢᠭᠡ ᠠᠯᠬᠤᠮ ᠪᠠᠲᠤᠳᠬᠠᠵᠠᠶ᠃ ᠬᠤᠶᠢᠰᠢᠳᠠ᠂ ᠡᠦ ᠢ ᠵᠡᠭᠡᠯᠢ ᠶᠢᠨ ᠳᠠᠶᠢᠴᠢᠨ ᠨᠡᠶᠢᠭᠡᠮ | ᠲᠣᠭᠤᠷᠢᠭ ᠪᠣᠳᠠᠲᠤ ᠠᠵᠢᠯᠯᠠᠭ᠎ᠠ ᠪᠠᠷ ᠢᠶᠠᠨ ︽ᠤᠮᠠᠷᠠᠲᠤ ᠬᠢᠯᠢ ᠶᠢᠨ ᠰᠣᠶᠣᠯ︾ ᠤᠨ ᠦᠨ᠎ᠡ ᠦᠷᠳᠡᠭ ᠢ | ᠲᠠᠶᠢᠯᠪᠤᠷᠢᠯᠠᠵᠤ᠂ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠤᠯᠠᠨ ᠲᠦᠮᠡᠨ ᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠬᠦᠴᠦᠨ ᠴᠢᠳᠠᠯ ᠢᠶᠠᠨ | ᠡᠷᠭᠦᠬᠦ ᠶᠢ ᠤᠷᠢᠶᠠᠯᠠᠨ᠎ᠠ᠃ | | |