ᠤᠯᠠᠭᠠᠨᠬᠤᠲᠠ ᠶᠢᠨ ᠾᠧ ᠫᠢᠩ ᠵᠡᠭᠡᠯᠢ ︽ᠠᠷᠪᠠ ᠵᠠᠭᠤ ᠮᠢᠩᠭ᠎ᠠ ᠲᠦᠮᠡᠨ ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ︾ ᠤᠨ ᠬᠤᠶᠠᠳᠤᠭᠠᠷ ᠱᠠᠲᠤᠨ ᠤ ᠭᠤᠤᠯᠳᠠᠯᠭ᠎ᠠ ᠲᠠᠢ ᠡᠭᠦᠷᠭᠡ ᠶᠢ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
        ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠭᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 18 ᠤ ᠡᠳᠦᠷ᠂ ᠤᠯᠠᠭᠠᠨᠬᠤᠲᠠ ᠶᠢᠨ ᠾᠧ ᠫᠢᠩ ᠵᠡᠭᠡᠯᠢ ︽ᠠᠷᠪᠠ ᠵᠠᠭᠤ ᠮᠢᠩᠭ᠎ᠠ ᠲᠦᠮᠡᠨ ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ︾ ᠤᠨ ᠬᠤᠶᠠᠳᠤᠭᠠᠷ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠨᠡᠶᠢᠲᠡᠯᠡᠬᠦ ᠬᠤᠷᠠᠯ ᠬᠤᠷᠠᠯᠳᠤᠭᠤᠯᠪᠠ         ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠢ ᠬᠠᠢ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠭᠧᠩ ᠴᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠾᠧ ᠫᠢᠩ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠵᠠᠩ ᠴᠢᠤᠸᠠᠨ ᠵᠢᠴᠢ ᠠᠶᠢᠮᠠᠭ ᠬᠤᠲᠠ ᠶᠢᠨ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃        ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠾᠧ ᠫᠢᠩ ᠵᠡᠭᠡᠯᠢ ᠶᠢᠨ ᠨᠠᠮ ᠤᠨ ᠠᠵᠢᠯ ᠤᠨ ᠵᠥᠪᠯᠡᠯ  ᠤᠨ ᠱᠦᠵᠢ ᠵᠠᠩ ᠴᠢᠤᠸᠠᠨ ᠾᠧ ᠫᠢᠩ ᠵᠡᠭᠡᠯᠢ ᠶᠢᠨ ︽ᠠᠷᠪᠠ ᠵᠠᠭᠤ ᠮᠢᠩᠭ᠎ᠠ ᠲᠦᠮᠡᠨ ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ︾ ᠤᠨ ᠬᠤᠶᠠᠳᠤᠭᠠᠷ ᠱᠠᠲᠤᠨ ᠤ ᠭᠤᠤᠯᠳᠠᠯᠭ᠎ᠠ ᠲᠠᠢ ᠡᠭᠦᠷᠭᠡ ᠶᠢ ᠨᠡᠶᠢᠲᠡᠯᠡᠵᠦ᠂ ᠾᠧ ᠫᠢᠩ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠨᠠᠮ ᠤᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠨᠠᠶᠢᠳᠠᠪᠤᠷᠢᠵᠢᠭᠤᠯᠵᠤ᠂ ᠠᠳᠠᠯ ᠠᠬᠤᠶ ᠶᠢᠨ ᠦᠢᠯᠡᠴᠢᠯᠡᠭᠡ ᠶᠢ ᠬᠦᠴᠦᠯᠡᠨ ᠳᠡᠭᠡᠭᠰᠢᠯᠡᠭᠦᠯᠵᠦ᠂ ᠬᠤᠪᠢᠰᠬᠠᠯᠲᠤ ᠠᠳᠠᠯ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠵᠤ᠂ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠬᠦᠷᠢᠶᠡᠨ ᠳᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠨᠡᠩ ᠳᠣᠲᠣᠨᠣ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠾᠧ ᠫᠢᠩ ᠵᠡᠭᠡᠯᠢ ᠶᠢᠨ ᠲᠤᠯᠤᠭᠠᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ 2025 ᠣᠨ ᠤ ᠭᠤᠤᠯᠳᠠᠯᠭ᠎ᠠ ᠲᠠᠢ ᠡᠭᠦᠷᠭᠡ ᠶᠢ ᠲᠠᠰ ᠳᠠᠷᠠᠭᠠᠯᠠᠨ ᠮᠡᠳᠡᠭᠦᠯᠪᠡ᠃ ᠡᠯ᠎ᠡ ᠨᠡᠶᠢᠭᠡᠮ ᠲᠣᠭᠤᠷᠢᠭ ᠨᠢ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠂ ᠦᠨᠳᠦᠰᠦᠲᠡᠨ ᠤ ᠪᠦᠯᠬᠦᠮᠳᠡᠯ᠂ ᠬᠤᠪᠢᠰᠬᠠᠯᠲᠤ ᠠᠳᠠᠯ ᠠᠬᠤᠶ᠂ ᠠᠮᠤᠷ ᠠᠮᠤᠭᠤᠯᠠᠩ ᠤᠨ ᠪᠠᠶᠢᠭᠤᠯᠤᠯᠲᠠ᠂ ᠠᠵᠢᠯ ᠣᠯᠭᠤᠯᠲᠠ ᠨᠠᠰᠤᠵᠢᠯ ᠤᠨ ᠠᠰᠠᠷᠠᠮᠵᠢ ᠵᠡᠷᠭᠡ ᠣᠯᠠᠨ ᠲᠠᠯ᠎ᠠ ᠠᠴᠠ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠠᠵᠢᠯ ᠤᠨ ᠲᠥᠯᠥᠪᠯᠡᠭᠡ ᠳᠤᠷᠠᠳᠴᠤ᠂ ᠬᠤᠶᠢᠰᠢᠳᠠ ᠶᠢᠨ ᠠᠵᠢᠯ ᠢ ᠥᠷᠨᠢᠭᠦᠯᠬᠦ ᠳᠤ ᠴᠢᠭᠯᠡᠯ ᠢ ᠲᠣᠭᠲᠠᠭᠠᠪᠠ᠃        ︽ᠵᠠᠯᠭᠠᠭᠠᠳ ᠪᠢᠳᠡ ︿ᠳᠥᠷᠪᠡ ᠶᠢ ᠴᠢᠷᠮᠠᠶᠢᠨ ᠡᠭᠦᠳᠬᠦ﹀ ᠪᠠᠷ ᠬᠠᠷᠠᠯᠲᠠ ᠪᠣᠯᠭᠠᠵᠤ᠂ ᠨᠠᠷᠢᠨ ᠵᠦᠢᠯᠡᠰ ᠠᠴᠠ ᠭᠠᠷᠳᠠᠵᠤ᠂ ᠵᠠᠩᠭᠢᠯᠠᠭ᠎ᠠ ᠶᠢᠨ ᠲᠠᠯ᠎ᠠ ᠠᠴᠠ ᠬᠦᠴᠦᠯᠡᠵᠦ᠂ ᠡᠶ᠎ᠡ ᠵᠣᠬᠢᠴᠠᠯ ᠲᠠᠢ ᠡᠶᠡᠲᠡᠢ ᠡᠩᠬᠡ ᠲᠠᠶᠢᠪᠤᠩ ᠵᠡᠭᠡᠯᠢ ᠶᠢ ᠬᠦᠴᠦᠯᠡᠨ ᠪᠠᠶᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︾ ᠭᠡᠵᠦ ᠤᠯᠠᠭᠠᠨᠬᠤᠲᠠ ᠶᠢᠨ ᠾᠧ ᠫᠢᠩ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠥᠩ ᠶᠢᠩ ᠬᠡᠯᠡᠪᠡ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号