| | | 3 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠬᠥᠭᠵᠢᠯᠲᠡ ᠶᠢᠨ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠷᠠᠭᠤᠯᠵᠦ᠂ ᠶᠡᠷᠦᠩᠬᠡᠢ | ᠱᠦᠵᠢ ᠶᠢᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠠᠭᠤᠰᠤᠯᠴᠠᠭᠤᠯᠤᠨ ᠬᠥᠭᠵᠢᠭᠦᠯᠬᠦ ᠲᠠᠪᠴᠠᠩ ᠢ ᠬᠦᠴᠦᠯᠡᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ | ᠲᠤᠬᠢᠷᠠᠭᠤᠯᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ | ᠂ ᠠᠵᠢᠯ ᠤᠯᠭᠤᠵᠦ ᠤᠷᠤᠯᠭ᠎ᠠ ᠶᠢᠨ ᠨᠡᠮᠡᠭᠳᠡᠯ ᠢ ᠪᠠᠳᠤᠯᠠᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠳᠠᠨ ᠤ ᠨᠢᠭᠡ ᠴᠤᠭᠴᠠᠵᠢᠭᠰᠠᠨ | ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ 3 ᠰᠠᠷ᠎ᠠ ᠶᠢᠨ 12 ᠤᠨ ᠡᠳᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠨᠢᠭᠡ | ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠪᠦᠬᠦ ᠠᠶᠢᠮᠠᠭ ᠤᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠬᠢᠯᠳᠡ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠷᠴᠢ ᠵᠣᠷᠢᠭ ᠢᠶᠠᠨ ᠬᠥᠪᠴᠢᠯᠡᠵᠦ᠂ ᠠᠬᠢᠴᠠ ᠶᠢ ᠠᠮᠵᠢᠵᠤ᠂ | ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠯᠦᠩᠭᠦᠢ | ᠠᠰᠠᠭᠤᠳᠠᠯ ᠤᠨ ᠨᠠᠷᠢᠨ ᠲᠠᠩᠰᠠ ᠶᠢ ᠪᠠᠶᠢᠭᠤᠯᠵᠤ᠂ ᠤᠨᠢᠨ ᠳᠡᠭᠡᠷ᠎ᠡ ᠨᠢ ᠪᠣᠭᠤᠮᠲᠠ ᠰᠢᠪᠲᠤᠯᠵᠦ᠂ ︽ᠭᠤᠷᠪᠠᠨ | ᠨᠠᠷᠢᠨ ᠲᠠᠩᠰᠠ︾ ᠶᠢᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠪᠦᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠳᠡᠢ᠃ ᠴᠢᠬᠤᠯᠠ ᠶᠡᠭᠡ ᠲᠦᠷᠦᠯ ᠵᠦᠢᠯ ᠤᠨ ᠪᠦᠬᠦ ᠦᠶᠡᠯᠡᠯ ᠤᠨ ᠬᠤᠭᠤᠴᠠᠭᠠᠨ ᠤ | ᠬᠠᠮᠢᠶᠠᠷᠤᠯᠲᠠ ᠶᠢ ᠴᠢᠩᠭᠠᠳᠬᠠᠵᠤ᠂ ᠨᠡᠩ ᠤᠯᠠᠨ ᠪᠤᠳᠠᠳᠠᠢ ᠠᠵᠢᠯ ᠤᠨ ᠠᠷᠭ᠎ᠠ ᠶᠢ ᠪᠦᠷᠢᠯᠳᠦᠭᠦᠯᠬᠦ ᠶᠢ ᠠᠬᠢᠭᠤᠯᠬᠤ | ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠬᠦ ᠬᠡᠷᠡᠭᠳᠡᠢ᠃ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠪᠣᠯᠤᠨ ᠠᠵᠢᠯ ᠤᠨ ᠰᠤᠷᠲᠠᠯ ᠤᠨ ᠬᠤᠪᠢᠷᠠᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ | ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ | ᠲᠡᠭᠡᠭᠰᠢᠯᠡᠬᠦᠯᠬᠦ ᠬᠡᠷᠡᠭᠳᠡᠢ ᠭᠡᠵᠡᠢ᠃ | ᠬᠤᠷᠠᠯ ᠠᠴᠠ ᠪᠦᠬᠦ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ | ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠰᠣᠶᠣᠯ ᠢ ᠰᠤᠳᠤᠯᠬᠤ | ᠪᠠ ᠰᠢᠨ᠎ᠡ ᠶᠢ ᠡᠭᠦᠳᠦᠨ ᠬᠤᠪᠢᠷᠠᠭᠤᠯᠬᠤ ᠶᠢ ᠭᠦᠨᠵᠡᠭᠡᠶᠢᠷᠡᠭᠦᠯᠵᠦ᠂ ᠪᠦᠬᠦ ᠠᠶᠢᠮᠠᠭ ᠤᠨ ᠴᠢᠨᠠᠷ ᠰᠠᠶᠢᠲᠠᠢ | ᠬᠥᠭᠵᠢᠯᠲᠡ ᠳᠤ ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠯᠢᠦ ᠭᠥᠸᠧ ᠶᠠᠨ︶ | | | | |