ᠬᠢᠨᠭ᠍ᠭᠠᠨ ᠠᠶᠢᠮᠠᠭ ᠡᠮᠴᠢᠯᠡᠬᠡᠨ ᠤ ᠪᠠᠶᠢᠭᠤᠯᠦᠮᠵᠢ ᠪᠤᠯᠤᠨ ᠨᠠᠰᠦᠵᠢᠯ ᠤᠨ ᠠᠰᠠᠷᠠᠮᠵᠢ ᠶᠢ ᠬᠦᠨᠵᠡᠬᠡᠢ ᠠᠭᠤᠰᠤᠯᠴᠠᠭᠤᠯᠤᠬᠰᠠᠨ ᠰᠢᠨ᠎ᠠ ᠵᠠᠬᠪᠦᠷ ᠢ ᠨᠡᠬᠡᠬᠡᠵᠦ ᠪᠤᠢ
ᠨᠡᠶᠢᠲᠡᠯᠡᠭᠰᠡᠨ ᠴᠠᠭ᠄
2025/3/25
        ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠡᠮᠴᠢᠯᠡᠭᠡ ᠪᠠ ᠰᠤᠪᠢᠯᠠᠯᠳᠠ ᠶᠢ ᠤᠶᠠᠯᠳᠤᠭᠤᠯᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠬᠦᠮᠦᠨ ᠠᠮᠠ ᠶᠢᠨ ᠨᠠᠰᠦᠵᠢᠯᠳᠡ ᠶᠢᠨ ᠬᠦᠭᠵᠢᠯᠳᠡ ᠶᠢᠨ ᠪᠠᠶᠢᠳᠠᠯ ᠢ ᠢᠳᠡᠪᠬᠢᠳᠡᠢ ᠠᠷᠭᠠᠴᠠᠭᠠᠵᠦ᠂ ᠲᠦᠯᠦᠪᠵᠢᠬᠦᠯᠬᠡ ᠪᠠᠨ ᠰᠢᠯᠢᠳᠡᠭᠵᠢᠬᠦᠯᠵᠦ᠂ ᠦᠢᠯᠡᠴᠢᠯᠡᠬᠡᠨ ᠤ ᠰᠢᠰᠲ᠋ᠧᠮ ᠢᠶᠠᠨ ᠲᠡᠬᠦᠯᠳᠡᠷᠵᠢᠬᠦᠯᠦᠨ᠂ ᠬᠦᠭᠵᠢᠯᠳᠡ ᠶᠢᠨ ᠵᠠᠬᠪᠦᠷ ᠤᠨ ᠰᠢᠨ᠎ᠠ ᠶᠢ ᠡᠬᠦᠳᠴᠦ᠂ ᠡᠮᠴᠢᠯᠡᠭᠡ ᠪᠠ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠡᠬᠢ ᠪᠠᠶᠠᠯᠢᠭ ᠢ ᠨᠡᠶᠢᠳᠬᠡᠵᠦ᠂ ᠡᠮᠴᠢᠯᠡᠭᠡ ᠪᠠ ᠰᠤᠪᠢᠯᠠᠯᠳᠠ ᠶᠢ ᠤᠶᠠᠯᠳᠤᠭᠤᠯᠬᠤ ᠬᠦᠨᠵᠡᠬᠡᠢ ᠬᠦᠭᠵᠢᠯᠳᠡ ᠶᠢ ᠠᠬᠢᠭᠤᠯᠵᠦ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠯᠠᠨ ᠲᠠᠪᠬᠤᠷᠭ᠎ᠠ ᠶᠢᠨ ᠨᠠᠰᠦᠵᠢᠯ ᠤᠨ ᠠᠰᠠᠷᠠᠮᠵᠢ ᠶᠢᠨ ᠱᠠᠭᠠᠷᠳᠠᠯᠭ᠎ᠠ ᠶᠢ ᠲᠠᠰᠦᠷᠠᠯᠳᠠ ᠦᠬᠡᠢ ᠬᠠᠨᠭ᠍ᠭᠠᠵᠦ᠂ ︽ᠡᠮᠴᠢᠯᠡᠭᠡ ᠰᠤᠪᠢᠯᠠᠯᠳᠠ ᠶᠢ ᠨᠢᠬᠡ ᠴᠤᠬᠴᠠᠵᠢᠭᠤᠯᠤᠬᠰᠠᠨ︾ ᠤᠨᠴᠠᠯᠢᠬᠳᠤ ᠬᠦᠭᠵᠢᠯᠳᠡ ᠶᠢᠨ ᠰᠢᠨ᠎ᠠ ᠵᠠᠮ ᠢ ᠡᠷᠢᠯᠬᠢᠯᠡᠵᠦ ᠪᠤᠢ᠃        2024 ᠤᠨ ᠤ 11 ᠰᠠᠷ᠎ᠠ ᠳᠤ᠂ ᠠᠶᠢᠮᠠᠭ ᠤᠨ ᠨᠡᠶᠢᠬᠡᠮ ᠤᠨ ᠠᠰᠠᠷᠠᠨ ᠬᠠᠮᠠᠭᠠᠯᠠᠬᠤ ᠬᠦᠷᠢᠶᠡᠯᠡᠩ ᠲᠠᠢ ᠵᠦᠪᠯᠡᠯᠴᠡᠭᠡᠷ ᠲᠤᠬᠳᠠᠬᠤ ᠦᠢᠯᠡᠴᠢᠯᠡᠭᠡ ᠦᠷᠨᠢᠬᠦᠯᠦᠭᠰᠡᠨ ᠠᠴᠠ ᠨᠠᠭᠠᠰᠢ᠂ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠤᠯᠠᠮᠵᠢᠯᠠᠯᠳᠤ ᠮᠤᠩᠭᠤᠯ ᠡᠮᠨᠡᠯᠬᠡ ᠶᠢᠨ ᠰᠠᠯᠠᠭ᠎ᠠ ᠲᠠᠰᠤᠭ ᠤᠨ ᠨᠠᠰᠦᠳᠠᠳ ᠢ ᠡᠷᠡᠬᠦᠯᠵᠢᠬᠦᠯᠦᠨ ᠵᠠᠰᠠᠬᠤ ᠲᠠᠯ᠎ᠠ ᠪᠠᠷ ᠬᠢ ᠦᠪᠡᠷᠮᠢᠴᠡ ᠲᠠᠪᠠᠭᠤᠯᠢᠭ ᠢᠶᠠᠨ ᠪᠦᠷᠢᠮᠦᠰᠦᠨ ᠪᠠᠳᠠᠷᠠᠭᠤᠯᠵᠦ᠂ ᠮᠤᠩᠭᠤᠯ ᠡᠮᠨᠡᠯᠬᠡ ᠶᠢᠨ ᠤᠨᠴᠠᠯᠢᠬᠳᠤ ᠵᠠᠰᠠᠯᠭ᠎ᠠ ᠶᠢᠨ ᠲᠦᠷᠦᠯ ᠵᠦᠢᠯ ᠢ ᠦᠷᠬᠦᠯᠵᠢᠯᠡᠨ ᠦᠷᠨᠢᠬᠦᠯᠵᠡᠢ᠃ ᠦᠢᠯᠡᠴᠢᠯᠡᠭᠡ ᠪᠠᠨ ᠨᠡᠩ ᠨᠠᠷᠢᠯᠢᠬᠵᠢᠭᠤᠯᠬᠤ ᠶᠢᠨ ᠲᠦᠯᠦᠬᠡ᠂ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠨᠠᠰᠦᠵᠢᠯ ᠤᠨ ᠠᠰᠠᠷᠠᠮᠵᠢ ᠶᠢᠨ ᠪᠠᠶᠢᠭᠤᠯᠤᠮᠵᠢ ᠠᠴᠠ ᠬᠠᠨᠭ᠍ᠭᠠᠬᠠᠰᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠲᠤᠰᠬᠠᠢ ᠮᠡᠷᠬᠡᠵᠢᠯᠳᠡᠨ ᠢ ᠲᠤᠮᠢᠯᠠᠨ ᠭᠠᠷᠠᠭ ᠪᠦᠷᠢ ᠨᠠᠰᠦᠳᠠᠶᠢᠴᠤᠳ ᠲᠤ ᠡᠷᠡᠬᠦᠯ ᠮᠡᠨᠳᠤ ᠶᠢᠨ ᠮᠡᠳᠡᠯᠬᠡ ᠶᠢᠨ ᠤᠬᠠᠭᠤᠯᠭ᠎ᠠ᠂ ᠲᠤᠭᠤᠷᠢᠨ ᠡᠮᠴᠢᠯᠡᠭᠡ᠂ ᠠᠯᠪᠠᠨ ᠵᠢᠷᠦᠮ ᠤᠨ ᠡᠮᠴᠢᠯᠡᠭᠡ᠂ ᠲᠤᠰᠬᠠᠢ ᠮᠡᠷᠬᠡᠵᠢᠯᠳᠡᠨ ᠤᠨᠤᠰᠢᠯᠠᠬᠤ᠂ ᠲᠦᠷᠭᠡᠨ ᠰᠢᠯᠵᠢᠬᠦᠯᠦᠨ ᠤᠨᠤᠰᠢᠯᠠᠭᠤᠯᠬᠤ ᠵᠡᠷᠭᠡ ᠦᠢᠯᠡᠴᠢᠯᠡᠭᠡ ᠬᠠᠨᠭ᠍ᠭᠠᠵᠦ᠂ ᠤᠳᠤ ᠪᠤᠯᠳᠠᠯ᠎ᠠ 130 ᠭᠠᠷᠦᠢ ᠨᠠᠰᠦᠳᠠᠨ ᠳᠤ ᠦᠢᠯᠡᠴᠢᠯᠡᠵᠡᠢ᠃        ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠲᠡᠳ᠋ ᠡᠷᠬᠢᠯᠡᠭᠴᠢ ᠰᠢ ᠫᠢᠩ ᠄ ︽ᠡᠮᠴᠢᠯᠡᠭᠡ ᠪᠠ ᠰᠤᠪᠢᠯᠠᠯᠳᠠ ᠶᠢ ᠤᠶᠠᠯᠳᠤᠭᠤᠯᠬᠤ ᠪᠤᠯ ᠬᠦᠮᠦᠨ ᠠᠮᠠ ᠶᠢᠨ ᠨᠠᠰᠦᠵᠢᠯᠳᠡ ᠶᠢ ᠠᠷᠭᠠᠴᠠᠭᠠᠬᠤ ᠴᠢᠬᠤᠯᠠ ᠠᠷᠭ᠎ᠠ ᠠᠪᠴᠠᠯ ᠪᠤᠯᠬᠤ ᠪᠦᠭᠡᠳ ᠡᠷᠡᠬᠦᠯ ᠡᠩᠬᠡ ᠲᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠨᠠᠰᠦᠳᠠᠶᠢᠴᠤᠳ ᠤᠨ ᠡᠷᠡᠬᠦᠯ ᠮᠡᠨᠳᠤ ᠳᠤ ᠦᠢᠯᠡᠴᠢᠯᠡᠬᠦ ᠴᠢᠬᠤᠯᠠ ᠠᠵᠢᠯ ᠪᠤᠯᠬᠤ ᠶᠤᠮ᠃ ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠪᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠠᠮᠵᠢᠯᠴᠠᠨ᠂ ᠡᠮᠴᠢᠯᠡᠬᠡᠨ ᠤ ᠪᠠᠶᠢᠭᠤᠯᠦᠮᠵᠢ ᠪᠤᠯᠤᠨ ᠨᠠᠰᠦᠵᠢᠯ ᠤᠨ ᠠᠰᠠᠷᠠᠮᠵᠢ ᠶᠢᠨ ᠪᠠᠶᠢᠭᠤᠯᠦᠮᠵᠢ ᠲᠠᠢ ᠦᠢᠯᠡᠴᠢᠯᠡᠬᠡᠨ ᠤ ᠵᠦᠪᠯᠡᠯᠴᠡᠭᠡᠷ ᠲᠤᠬᠳᠠᠬᠤ ᠪᠠᠷ ᠲᠠᠮᠵᠢᠭᠤᠯᠤᠨ᠂ ᠡᠬᠢ ᠪᠠᠶᠠᠯᠢᠭ ᠢ ᠬᠠᠮᠳᠤᠪᠡᠷ ᠡᠳ᠋ᠯᠡᠬᠦ᠂ ᠦᠢᠯᠡᠴᠢᠯᠡᠭᠡ ᠶᠢ ᠵᠤᠯᠭᠠᠭᠤᠯᠬᠤ ᠶᠢ ᠪᠡᠶᠡᠯᠡᠬᠦᠯᠵᠦ᠂ ᠨᠠᠰᠦᠳᠠᠶᠢᠴᠤᠳ ᠲᠤ ᠲᠤᠰᠬᠠᠢ ᠮᠡᠷᠬᠡᠵᠢᠯ ᠤᠨ ᠲᠦᠬᠦᠮ ᠲᠦᠳᠠ ᠡᠷᠡᠬᠦᠯ ᠮᠡᠨᠳᠤ ᠶᠢᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠨᠭ᠍ᠭᠠᠵᠦ ᠦᠭᠴᠦ ᠪᠤᠢ᠃ ᠤᠳᠤ ᠪᠦᠬᠦ ᠠᠶᠢᠮᠠᠭ ᠤᠨ ᠡᠮᠴᠢᠯᠡᠬᠡᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠤᠯᠤᠨ ᠬᠠᠷᠢᠶᠠᠳᠤ ᠤᠷᠤᠨ ᠤ ᠨᠠᠰᠦᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠦᠬᠦᠨ ᠢᠶᠠᠷ ᠢᠶᠠᠨ ᠬᠠᠮᠵᠢᠯᠴᠠᠭᠠᠨ ᠤ ᠵᠦᠪᠯᠡᠯᠴᠡᠭᠡᠷ ᠲᠤᠬᠳᠠᠵᠦ᠂ ᠵᠦᠪᠯᠡᠯᠴᠡᠭᠡᠷ ᠲᠤᠬᠳᠠᠬᠰᠠᠨ ᠨᠤᠷᠮ᠎ᠠ 100% ᠬᠦᠷᠦᠭᠰᠡᠨ ᠪᠠᠶᠢᠨ᠎ᠠ᠃ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠪᠤᠯᠤᠨ ᠠᠶᠢᠮᠠᠭ ᠤᠨ ᠨᠡᠶᠢᠬᠡᠮ ᠤᠨ ᠠᠰᠠᠷᠠᠨ ᠬᠠᠮᠠᠭᠠᠯᠠᠬᠤ ᠬᠦᠷᠢᠶᠡᠯᠡᠩ ᠲᠠᠢ ᠬᠠᠮᠵᠢᠯᠴᠠᠬᠤ ᠵᠠᠬᠪᠦᠷ ᠨᠢ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠨᠠᠰᠦᠳᠠᠶᠢᠴᠤᠳ ᠲᠤ ᠡᠳ᠋ᠯᠡᠬᠦᠯᠬᠦ ᠶᠢ ᠪᠡᠶᠡᠯᠡᠬᠦᠯᠵᠠᠢ︾ ᠭᠡᠵᠤ ᠭᠡᠯᠡᠪᠡ᠃ ︵ᠯᠢᠤ ᠶᠤᠸᠠᠨ ᠴᠦᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号