ᠢᠦᠢ ᠵᠢᠢ ᠱᠦᠨ ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠴᠧᠨ ᠵᠢᠶᠠᠨ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/25
        3 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯᠳᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠵᠢᠶᠦ᠋ᠨ ᠲᠠᠢ ᠠᠭᠤᠯᠵᠠᠪᠠ᠃        ᠢᠦᠢ ᠵᠢᠢ ᠱᠦᠨ ᠴᠧᠨ ᠵᠢᠶᠠᠨ ᠵᠢᠶᠦ᠋ᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠬᠦ ᠶᠢᠨ ᠬᠠᠮᠲᠤ ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠤᠨ ᠬᠢᠩᠭᠠᠨ ᠠᠶᠢᠮᠠᠭ ᠲᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠭᠡᠵᠦ᠂ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠨ ᠳᠡᠮᠵᠢᠯᠭᠡ ᠦᠵᠡᠭᠦᠯᠵᠦ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠤᠶᠢᠷ᠎ᠠ ᠤᠭᠳᠠᠷᠭᠤᠢ ᠶᠢᠨ ᠵᠢᠭᠤᠯᠴᠢᠯᠠᠯ᠂ ᠤᠶᠢᠷ᠎ᠠ ᠤᠭᠳᠠᠷᠭᠤᠢ ᠶᠢᠨ ᠪᠤᠳᠠᠰ ᠤᠨ ᠬᠦᠢᠯᠭᠡᠭᠡ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ︽ᠶᠡᠭᠡ ᠵᠠᠮ ᠬᠠᠷᠢᠯᠴᠠᠭ᠎ᠠ︾ ︽ᠪᠦᠬᠦ ᠣᠷᠣᠨ ᠪᠦᠰᠡ ᠶᠢᠨ ᠵᠠᠮ ᠬᠠᠷᠢᠯᠴᠠᠭ᠎ᠠ︾ ᠶᠢᠨ ᠰᠢᠨ᠎ᠡ ᠪᠠᠶᠢᠷᠢᠰᠢᠯ ᠢ ᠬᠠᠮᠲᠤᠪᠠᠷ ᠪᠠᠶᠢᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠪᠠᠶᠢᠬᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃        ᠴᠧᠨ ᠵᠢᠶᠠᠨ ᠵᠢᠶᠦ᠋ᠨ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯᠳᠤ ᠺᠣᠮᠫᠠᠨᠢ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠪᠥᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ᠂ ᠲᠥᠷᠥᠯ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠪᠠᠷᠢᠯᠭ᠎ᠠ ᠶᠢᠨ ᠠᠬᠢᠴᠠ ᠶᠢ ᠲᠦᠷᠭᠡᠳᠭᠡᠵᠦ᠂ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠣᠳᠣᠨ ᠢᠨᠵᠧᠨᠧᠷᠢᠩ᠂ ᠥᠯᠢᠭᠡᠷ ᠳᠠᠭᠤᠷᠢᠶᠠᠯᠳᠤ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃        ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ᠂ ᠰᠦᠨ ᠱᠦ ᠲᠤᠤ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠪᠠ᠃ ︵ᠵᠠᠩ ᠴᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号