| 3 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠬᠢᠵᠦ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ | ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ | ᠬᠤᠷᠢᠶᠠᠨ ᠤ ᠱᠦᠵᠢ ᠰᠦᠬᠡ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠠᠶᠢᠮᠠᠭ ᠤᠨ ᠤᠳᠤᠷᠢᠳᠤᠯᠭ᠎ᠠ ᠢᠦᠶ ᠵᠢᠶ | ᠱᠦᠨ᠂ ᠰᠢᠤᠢ ᠵᠦᠸᠧ᠂ ᠹᠧᠩ ᠠᠶ ᠰᠢᠶᠠ ᠲᠤᠬᠠᠶ ᠶᠢᠨ ᠲᠠᠯᠠᠪᠠᠶ ᠳᠤ ᠶᠠᠷᠢᠶ᠎ᠠ ᠲᠠᠯᠪᠢᠵᠠᠶ᠃ | ᠰᠦᠬᠡ ᠬᠡᠯᠡᠭᠰᠡᠨ ᠨᠢ᠂ ᠡᠨᠡ ᠤᠳᠠᠭᠠᠨ ᠤ ᠪᠦᠬᠦ ᠤᠯᠤᠰ ᠤᠨ ᠬᠤᠶᠠᠷ ᠬᠤᠷᠠᠯ ᠪᠣᠯ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ᠂ ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠲᠥᠯᠥᠪᠯᠡᠨ ᠪᠠᠶᠢᠷᠢᠯᠠᠭᠤᠯᠬᠤ ᠵᠢᠯ ᠳᠤ ᠬᠤᠷᠠᠯᠳᠤᠭᠰᠠᠨ ᠨᠢᠭᠡᠨ ᠤᠳᠠᠭᠠᠨ ᠤ ᠲᠦᠢᠯ ᠤᠨ | ᠴᠢᠬᠤᠯᠠ ᠬᠤᠷᠠᠯ ᠪᠣᠯᠤᠨ᠎ᠠ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠵᠦ᠂ ᠢᠯᠠᠩᠭᠤᠶ᠎ᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠨᠢ ᠣᠳᠣᠬᠠᠨ ᠪᠠ ᠬᠤᠶᠢᠰᠢᠳᠠ ᠶᠢᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠭᠰᠠᠨ ᠤ | ᠬᠤᠪᠢ ᠳᠤ ᠨᠡᠪᠳᠡᠷᠡᠳᠡᠯ᠎ᠠ ᠣᠶᠢᠯᠠᠭᠠᠵᠤ ᠰᠤᠷᠤᠯᠴᠠᠬᠤ ᠶᠢ ᠠᠳᠬᠤᠬᠤ᠂ ᠤᠶᠤᠨ ᠲᠠᠷᠢᠬᠢ ᠰᠡᠳᠭᠢᠯ ᠰᠠᠨᠠᠭᠠᠨ ᠳᠠᠭᠠᠨ | ᠬᠠᠳᠠᠩᠰᠢᠭᠤᠯᠤᠨ ᠲᠠᠶᠢᠯᠪᠤᠷᠢᠯᠠᠬᠤ ᠶᠢ ᠠᠳᠬᠤᠬᠤ᠂ ᠤᠯᠠᠨ ᠢᠶᠠᠷ ᠢᠶᠠᠨ ᠱᠠᠳᠦ ᠬᠤᠪᠢᠶᠠᠨ ᠤᠬᠠᠭᠤᠯᠬᠤ ᠶᠢ | ᠠᠳᠬᠤᠬᠤ ᠶᠢ ᠪᠠᠷᠢᠮᠳᠠᠯᠠᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠪᠡ᠃ | ᠰᠦᠬᠡ ᠬᠡᠯᠡᠭᠰᠡᠨ ᠨᠢ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠠᠮᠤᠭ ᠤᠨ ᠵᠠᠩᠭᠢᠯᠠᠭ᠎ᠠ ᠨᠢ ᠬᠠᠰᠢᠯᠠ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠭᠡᠨ ᠠᠬᠢᠭᠤᠯᠬᠤ ᠳᠡᠭᠡᠷ᠎ᠡ ᠢᠯᠡᠷᠡᠨ᠎ᠡ᠃ ᠪᠦᠬᠦ ᠠᠶᠢᠮᠠᠭ ᠤᠨ ᠳᠡᠭᠡᠳᠦ ᠳᠣᠣᠷᠠᠳᠤ | ᠱᠠᠲᠤ ᠪᠠᠷ ᠢᠶᠠᠨ ᠲᠦᠷᠭᠡᠨ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠡ ᠭᠤᠣᠯ ᠰᠢᠵᠢᠮ ᠢ | ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ | ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠵᠡᠷᠭᠡ ᠭᠤᠣᠯ ᠠᠵᠢᠯ | ᠪᠠ ︽ᠲᠠᠪᠤᠨ ᠨᠢᠭᠡᠳᠦᠭᠡᠷ︾ ᠠᠵᠢᠯ ᠤᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠦᠷᠭᠦᠯᠵᠢᠯᠡᠨ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ | ᠬᠡᠷᠡᠭᠯᠡᠭᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠦᠬᠦᠷᠡᠰᠢ ᠦᠭᠡᠢ ᠪᠠᠷᠢᠮᠳᠠᠯᠠᠵᠦ᠂ | ᠨᠡᠩ ᠴᠢᠩᠭ᠎ᠠ ᠡᠭᠦᠷᠭᠡᠯᠡᠯ᠂ ᠨᠡᠩ ᠪᠣᠳᠠᠲᠠᠢ ᠰᠤᠷᠲᠠᠯ ᠢᠶᠠᠷ ᠠᠵᠢᠯ ᠪᠦᠬᠦᠨ ᠢ ᠰᠠᠶᠢᠲᠤᠷ ᠬᠢᠵᠦ᠂ ᠶᠠᠪᠤᠳᠠᠯ ᠪᠦᠬᠦᠨ ᠢ | ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠ ᠲᠠᠢ ᠪᠡᠶᠡᠯᠡᠬᠦᠯᠵᠦ᠂ ᠰᠢᠨ᠎ᠡ ᠵᠠᠮ ᠢᠶᠠᠷ | ᠵᠠᠮᠨᠠᠵᠤ ᠳᠤᠮᠳᠠ ᠲᠦᠪᠰᠢᠨ ᠳᠤ ᠣᠷᠣᠬᠤ ᠳᠤ ᠨᠡᠩ ᠤᠯᠠᠨ ᠬᠢᠩᠭᠠᠨ ᠠᠶᠢᠮᠠᠭ ᠤᠨ ᠬᠦᠴᠦᠨ ᠢ ᠨᠡᠮᠡᠷᠢᠯᠡᠬᠦ ᠬᠡᠷᠡᠭᠳᠡᠢ | ᠭᠡᠵᠡᠢ᠃ ︵ᠵᠠᠩ ᠸᠧᠢ ᠨᠠᠨ︶ | | | | |