ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠳ ︵ᠥᠷᠭᠡᠳᠭᠡᠭᠰᠡᠨ︶ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
        3 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ︵ᠥᠷᠭᠡᠳᠭᠡᠭᠰᠡᠨ︶ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠴᠢᠩᠭ᠎ᠠ ᠣᠪᠣᠷ᠂ ᠪᠣᠳᠠᠲᠠᠢ ᠠᠷᠭ᠎ᠠ ᠬᠡᠮᠵᠢᠶ᠎ᠡ ᠪᠠᠷ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠬᠠᠷᠠᠯᠲᠠ ᠱᠠᠭᠠᠷᠳᠠᠯᠭ᠎ᠠ ᠶᠢ ᠣᠨᠣᠴᠠᠲᠠᠢ ᠡᠵᠡᠮᠳᠡᠵᠦ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ︽ᠰᠤᠷᠤᠯᠴᠠᠬᠤ ᠪᠠᠶᠢᠴᠠᠭᠠᠬᠤ ᠦᠭᠡᠷᠡᠴᠢᠯᠡᠨ ᠰᠠᠶᠢᠵᠢᠷᠠᠭᠤᠯᠬᠤ︾ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠵᠦ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠮᠦᠰ ᠲᠠᠢ ᠬᠠᠷᠢᠯᠴᠠᠵᠤ ᠦᠢᠯᠡᠴᠢᠯᠡᠬᠦ ᠪᠠ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠥᠭᠡᠷᠡᠴᠢᠯᠡᠬᠦ ᠳᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠ ᠭᠤᠣᠯ ᠠᠵᠢᠯ ᠢ ᠰᠠᠶᠢᠲᠤᠷ ᠬᠢᠬᠦ ᠶᠢ ᠤᠶᠠᠯᠳᠤᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦ ᠴᠣᠭᠴᠠ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠲᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠩ ᠥᠨᠳᠥᠷ ᠬᠢᠷᠢ ᠲᠦᠪᠰᠢᠨ ᠪᠥᠬᠦᠶ ᠠᠮᠤᠷ ᠠᠮᠤᠭᠤᠯᠠᠩ ᠬᠢᠩᠭᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠳᠡᠢ ᠭᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠳᠤᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠦᠬᠦ ᠬᠦᠷᠢᠶ᠎ᠡ ᠬᠡᠪᠴᠢᠶᠡᠨ ᠳᠤ ︽ᠤᠰᠤ ᠠᠷᠪᠢᠯᠠᠬᠤ ᠠᠵᠢᠯᠯᠠᠭ᠎ᠠ︾ ᠥᠷᠨᠢᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠪᠣᠯᠤᠨ ︽ᠤᠮᠠᠷᠠᠳᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢᠨ ᠬᠠᠮᠳᠦ ᠢᠯᠠᠯᠲᠠ ᠶᠢ ᠣᠯᠵᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢᠨ ︽ᠰᠠᠶᠢᠨ ᠬᠤᠳᠠᠯᠳᠤᠭ᠎ᠠ︾ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠡᠢ᠃        ᠬᠤᠷᠠᠯ ᠠᠴᠠ ᠱᠠᠭᠠᠷᠳᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ︽ᠨᠢᠭᠡᠳᠦᠭᠡᠷ ᠤᠯᠤᠰ ᠲᠦᠷᠦ ᠶᠢᠨ ᠠᠵᠢᠯ ᠤᠨ ᠪᠦᠲᠦᠮᠵᠢ︾ ᠪᠣᠯᠭᠠᠬᠤ ᠶᠢ ᠪᠠᠷᠢᠮᠲᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠤᠨ ᠦᠨᠡᠯᠡᠯᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠳᠡᠢ ᠭᠡᠪᠡ᠃        ᠬᠤᠷᠠᠯ ᠠᠴᠠ ︽2025 ᠣᠨ ᠤ ᠪᠦᠬᠦ ᠠᠶᠢᠮᠠᠭ ᠤᠨ ᠭᠤᠣᠯᠳᠠᠯᠭ᠎ᠠ ᠲᠠᠢ ᠠᠵᠢᠯ᠂ ᠬᠢᠯᠠᠰ ᠴᠡᠭ ᠠᠵᠢᠯ᠂ ᠬᠦᠴᠢᠷ ᠠᠵᠢᠯ ᠤᠨ ︿ᠭᠤᠷᠪᠠᠨ ᠳᠡᠪᠲᠡᠷ ᠨᠠᠷᠢᠨ ᠲᠠᠩᠰᠠ﹀︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠪᠤᠰᠤᠳ ᠵᠦᠢᠯᠡᠰ ᠢ ᠰᠤᠳᠤᠯᠵᠠᠢ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号