| ᠠᠵᠢᠯ ᠤᠯᠭᠤᠯᠳᠠ ᠶᠢ ᠠᠬᠢᠭᠤᠯᠤᠨ᠂ ᠠᠵᠤ ᠠᠬᠤᠶᠢᠯᠠᠯ ᠪᠠ ᠠᠵᠢᠯ ᠡᠷᠢᠭᠰᠡᠳ ᠢ ᠤᠨᠤᠴᠠᠳᠠᠢ | ᠵᠤᠯᠭᠠᠯᠴᠠᠭᠤᠬᠤ ᠪᠠᠷ ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ᠠᠴᠠ ᠭᠤᠤᠯᠯᠠᠨ ᠡᠷᠬᠢᠯᠡᠵᠤ᠂ ᠤᠯᠠᠭᠠᠨᠬᠤᠳᠠ ᠶᠢᠨ ᠬᠦᠮᠤᠨ ᠤ | ᠬᠦᠴᠤᠨ ᠤ ᠡᠬᠢ ᠪᠠᠶᠠᠯᠢᠭ ᠪᠠ ᠠᠵᠢᠯ ᠤᠯᠭᠤᠬᠤ ᠦᠢᠯᠡᠴᠢᠯᠡᠭᠡᠨ ᠤ ᠲᠦᠪ᠂ ᠬᠢᠩᠭᠠᠨ ᠠᠶᠢᠮᠠᠭ ᠤᠨ ᠸᠠᠨ ᠳ᠋ᠠ | ᠠᠭᠤᠳᠠᠮ ᠲᠠᠯᠠᠪᠠᠢ ᠠᠴᠠ ᠲᠠᠭᠠᠭᠠᠴᠢᠯᠠᠨ ᠡᠷᠬᠢᠯᠡᠭᠰᠡᠨ᠂ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠲᠡᠭᠡᠳᠤ | ᠰᠤᠷᠭᠠᠭᠤᠯᠢ᠂ ᠤᠯᠠᠭᠠᠨᠬᠤᠳᠠ ᠶᠢᠨ ᠶᠠᠷᠤᠩᠬᠡᠢ ᠠᠵᠢᠯᠴᠢᠨ ᠤ ᠡᠪᠯᠡᠯ᠂ ᠤᠯᠠᠭᠠᠨᠬᠤᠳᠠ ᠶᠢᠨ ᠡᠪᠯᠡᠯ ᠤᠨ | ᠬᠤᠷᠢᠶ᠎ᠠ ᠠᠴᠠ ᠬᠠᠮᠵᠢᠯᠴᠠᠨ ᠡᠷᠬᠢᠯᠡᠭᠰᠡᠨ 2025 ᠤᠨ ᠤ ᠬᠠᠪᠤᠷ ᠤᠨ ᠤᠷᠠᠢ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠶᠢᠨ ᠠᠵᠢᠯᠳᠠᠨ ᠡᠯᠰᠡᠬᠦ ᠬᠤᠷᠠᠯ ᠵᠢᠴᠢ ᠦᠢᠯᠡᠰ ᠪᠤᠰᠬᠠᠬᠤ ᠲᠦᠷᠤᠯ ᠵᠦᠢᠯ ᠤᠨ ᠲᠡᠯᠭᠡᠨ ᠦᠵᠡᠬᠦᠯᠭᠡ ᠶᠢᠨ | ᠲᠠᠨᠢᠯᠴᠠᠭᠤᠯᠬᠤ ᠬᠤᠷᠠᠯ ᠬᠢᠩᠭᠠᠨ ᠠᠶᠢᠮᠠᠭ ᠤᠨ ᠸᠠᠨ ᠳ᠋ᠠ ᠠᠭᠤᠳᠠᠮ ᠲᠠᠯᠠᠪᠠᠢ ᠳᠤ ᠶᠠᠪᠤᠭᠳᠠᠪᠠ᠃ | ᠲᠤᠰ ᠤᠳᠠᠭᠠᠨ ᠤ ᠠᠵᠢᠯᠯᠠᠭ᠎ᠠ ᠨᠢ ︽ᠲᠤᠬᠠᠢ ᠶᠢᠨ ᠲᠠᠯᠠᠪᠠᠢ ᠶᠢᠨ ᠠᠵᠢᠯᠳᠠᠨ ᠡᠯᠰᠡᠬᠦ + ᠦᠢᠯᠡᠰ | ᠪᠤᠰᠬᠠᠬᠤ ᠶᠢ ᠲᠡᠯᠭᠡᠨ ᠦᠵᠡᠬᠦᠯᠬᠦ + ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ + | ᠲᠦᠷᠥ ᠶᠢᠨ ᠪᠤᠳᠤᠯᠭ᠎ᠠ ᠶᠢᠨ ᠠᠰᠠᠭᠤᠯᠳᠠ ᠶᠢ ᠬᠠᠷᠢᠭᠤᠯᠬᠤ︾ ᠵᠡᠷᠭᠡ ᠤᠯᠠᠨ ᠡᠰᠢᠵᠢᠭᠰᠡᠨ ᠬᠡᠯᠪᠡᠷᠢ ᠪᠠᠷ ᠲᠠᠮᠵᠢᠨ | ᠠᠵᠢᠯ ᠡᠷᠢᠭᠰᠡᠳ ᠪᠠ ᠠᠵᠤ ᠠᠬᠤᠶᠢᠯᠡᠯ ᠳᠤ ᠬᠠᠷᠢᠯᠴᠠᠨ ᠵᠤᠯᠭᠠᠯᠴᠠᠬᠤ ᠲᠠᠪᠴᠠᠩ ᠬᠠᠩᠭᠠᠵᠤ᠂ ᠲᠤᠬᠠᠢ ᠶᠢᠨ | ᠲᠠᠯᠠᠪᠠᠢ ᠳᠤ ᠨᠡᠶᠢᠳᠠ 41 ᠠᠵᠢᠯᠳᠠᠨ ᠡᠯᠰᠡᠬᠦ ᠨᠢᠭᠡᠴᠢ ᠤᠷᠤᠯᠴᠠᠵᠤ᠂ 900 ᠭᠠᠷᠤᠢ ᠠᠵᠢᠯ ᠤᠨ ᠪᠠᠶᠢᠷᠢ ᠬᠠᠩᠭᠠᠨ | ᠂ ᠶᠡᠭᠡ ᠰᠤᠷᠭᠠᠭᠤᠯᠢ ᠠᠴᠠ ᠲᠡᠬᠦᠰᠥᠭᠰᠡᠨ ᠤᠶᠤᠳᠠᠨ᠂ ᠮᠠᠯᠴᠢᠨ ᠲᠠᠷᠢᠶᠠᠴᠢᠨ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠡᠷᠭᠡ 600 ᠭᠠᠷᠤᠢ ᠬᠦᠮᠤᠨ ︵ᠤᠳᠠᠭ᠎ᠠ︶ ᠤᠷᠤᠯᠴᠠᠪᠠ᠃ | ᠠᠵᠢᠯᠯᠠᠭᠠᠨ ᠤ ᠠᠬᠤᠢ ᠲᠠᠯᠠᠪᠠᠢ ᠳᠤ ᠠᠵᠢᠯᠳᠠᠨ ᠡᠯᠰᠡᠬᠦ ᠲᠤᠰᠬᠠᠢ ᠤᠷᠤᠨ ᠳᠤ ᠠᠵᠢᠯ ᠡᠷᠢᠭᠰᠡᠳ | ᠴᠤᠭᠯᠠᠷᠠᠵᠤ᠂ ᠠᠵᠢᠯ ᠤᠨ ᠪᠠᠶᠢᠷᠢ ᠨᠢ ᠵᠤᠬᠢᠶᠠᠨ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠰᠤᠷᠠᠭ | ᠵᠠᠩᠬᠢᠵᠢᠯᠳᠠ ᠶᠢᠨ ᠮᠡᠷᠭᠡᠵᠢᠯ ᠵᠡᠷᠭᠡ ᠬᠦᠷᠢᠶ᠎ᠠ ᠴᠠᠷᠠᠭ᠎ᠠ ᠶᠢ ᠬᠠᠮᠤᠷᠴᠤ᠂ ᠡᠯ᠎ᠠ ᠠᠵᠤ ᠠᠬᠤᠶᠢᠯᠡᠯ ᠠᠴᠠ ᠲᠤᠰᠬᠠᠢ | ᠬᠦᠮᠤᠨ ᠲᠤᠬᠢᠷᠠᠭᠤᠯᠤᠨ ᠲᠤᠬᠠᠢ ᠶᠢᠨ ᠲᠠᠯᠠᠪᠠᠢ ᠳᠤ ᠠᠵᠢᠯᠳᠠᠨ ᠡᠯᠰᠡᠵᠤ᠂ ᠦᠷᠭᠡᠨ ᠤᠯᠠᠨ ᠠᠵᠢᠯ ᠡᠷᠢᠭᠰᠡᠳ ᠢ | ᠲᠠᠳᠠᠨ ᠠᠪᠴᠢᠷᠠᠯ᠎ᠠ᠃ ᠲᠦᠷᠥ ᠶᠢᠨ ᠪᠤᠳᠤᠯᠭ᠎ᠠ ᠶᠢᠨ ᠠᠰᠠᠭᠤᠨ ᠰᠤᠷᠠᠬᠤ ᠲᠤᠭᠤᠷᠢᠭ ᠲᠤ᠂ ᠠᠵᠢᠯᠳᠠᠨ ᠠᠴᠠ | ᠦᠢᠯᠡᠰ ᠪᠤᠰᠬᠠᠬᠤ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ᠂ ᠵᠠᠯᠠᠭᠤᠴᠤᠳ ᠤᠨ ᠲᠠᠳᠤᠯᠭ᠎ᠠ ᠬᠢᠬᠦ ᠵᠡᠷᠭᠡ ᠶᠢᠨ | ᠲᠤᠭᠤᠷᠢᠨ ᠳᠤ ᠲᠦᠷᠥ ᠶᠢᠨ ᠪᠤᠳᠤᠯᠭ᠎ᠠ ᠶᠢ ᠲᠠᠶᠢᠯᠪᠤᠷᠢᠯᠠᠵᠤ ᠦᠭᠪᠠ᠃ | ᠲᠤᠬᠠᠢ ᠶᠢᠨ ᠲᠠᠯᠠᠪᠠᠢ ᠳᠤ ᠪᠠᠰᠠ ᠦᠢᠯᠡᠰ ᠪᠤᠰᠬᠠᠬᠤ ᠦᠷ᠎ᠠ ᠪᠦᠳᠤᠮᠵᠢ ᠶᠢᠨ ᠲᠡᠯᠭᠡᠨ ᠦᠵᠡᠬᠦᠯᠭᠡ ᠶᠢᠨ | ᠲᠤᠭᠤᠷᠢᠭ ᠲᠤᠬᠢᠷᠠᠭᠤᠯᠵᠤ᠂ ᠤᠯᠠᠭᠠᠨᠬᠤᠳᠠ ᠶᠢᠨ ᠤᠯᠠᠨ ᠵᠢᠯ ᠤᠨ ᠲᠤᠷᠰᠢ ᠬᠦᠮᠤᠨ ᠤ ᠬᠦᠴᠤᠨ ᠤ ᠰᠠᠯᠠᠭ᠎ᠠ | ᠮᠦᠴᠢᠷ ᠤᠨ ᠠᠵᠢᠯ ᠤᠯᠭᠤᠵᠤ ᠦᠢᠯᠡᠰ ᠪᠤᠰᠬᠠᠬᠤ ᠶᠢ ᠬᠠᠪᠰᠤᠷᠤᠨ ᠲᠡᠳᠬᠦᠬᠦ ᠲᠦᠷᠥ ᠶᠢᠨ ᠪᠤᠳᠤᠯᠭ᠎ᠠ ᠶᠢ | ᠬᠦᠷᠳᠡᠭᠰᠡᠨ ᠰᠢᠯᠢᠳᠡᠭ ᠦᠢᠯᠡᠰ ᠪᠤᠰᠬᠠᠭᠰᠠᠨ ᠲᠦᠷᠤᠯ ᠵᠦᠢᠯ ᠢ ᠲᠡᠯᠭᠡᠨ ᠦᠵᠡᠬᠦᠯᠪᠡ᠃ ᠡᠬᠦᠨ ᠳᠤ᠂ | ᠤᠯᠠᠭᠠᠨᠬᠤᠳᠠ ᠶᠢᠨ ᠮᠧᠩ ᠴᠢᠣᠸᠠᠢ ᠲᠤᠭᠤᠰ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠠ ᠶᠢᠨ ᠲᠡᠯᠭᠡᠨ | ᠦᠵᠡᠬᠦᠯᠥᠭᠰᠡᠨ ︽ᠲᠤᠭᠤᠰ ᠤᠨ ᠦᠳᠤ ᠶᠢᠨ ᠭᠠᠷ ᠤᠷᠠᠯᠠᠯ ᠤᠨ ᠪᠥᠳᠦᠭᠡᠭᠳᠡᠬᠦᠨ︾ ᠨᠢ ᠦᠷᠭᠡᠨ ᠤᠯᠠᠨ | ᠲᠦᠮᠡᠨ ᠤ ᠠᠩᠬᠠᠷᠤᠯ ᠢ ᠲᠠᠳᠠᠪᠠ᠃ ᠺᠤᠮᠫᠠᠨᠢ ᠶᠢᠨ ᠬᠠᠷᠢᠭᠤᠴᠠᠯᠭᠠᠳᠠᠨ ᠵᠸᠥ ᠬᠠᠢ ᠨᠠᠨ ᠤ ᠲᠠᠨᠢᠯᠴᠠᠭᠤᠯᠭ᠎ᠠ ᠪᠠᠷ᠂ | ᠠᠵᠤ ᠠᠬᠤᠶᠢᠯᠠᠯ ᠨᠢ ︽ᠰᠠᠭᠤᠷᠢᠨ ᠭᠠᠵᠠᠷ + ᠲᠠᠷᠢᠶᠠᠴᠢᠨ ᠡᠷᠤᠬᠡ︾ ᠶᠢᠨ ᠬᠡᠯᠪᠡᠷᠢ ᠪᠠᠷ ᠲᠠᠮᠵᠢᠨ ᠠᠵᠢᠯ | ᠮᠡᠷᠭᠡᠵᠢᠯ ᠤᠨ ᠪᠤᠯᠪᠠᠰᠤᠷᠠᠯ᠂ ᠲᠤᠭᠤᠰ ᠤᠨ ᠬᠡᠪ ᠦᠯᠢᠭᠡᠷ ᠵᠢᠴᠢ ᠲᠤᠭᠤᠰ ᠤᠨ ᠦᠳᠤ ᠶᠢᠨ ᠭᠠᠷ ᠤᠷᠠᠯᠠᠯ ᠤᠨ | ᠪᠦᠳᠤᠭᠡᠭᠳᠡᠬᠦᠨ ᠤ ᠪᠤᠷᠤᠯᠠᠭᠤᠯᠭ᠎ᠠ᠂ ᠰᠡᠯᠡᠬᠦᠴᠡᠨ ᠲᠤᠭᠤᠷᠢᠬᠤ ᠵᠡᠷᠭᠡ ᠪᠦᠬᠦ ᠲᠠᠯ᠎ᠠ ᠪᠠᠷ ᠬᠦᠭᠵᠢᠵᠤ᠂ ᠤᠶᠢᠷ᠎ᠠ | ᠬᠠᠪᠢ ᠶᠢᠨ ᠲᠤᠰᠬᠤᠨ ᠤ ᠠᠷᠠᠳ ᠤᠨ ᠬᠠᠮᠳᠤ ᠪᠠᠷ ᠪᠠᠶᠠᠵᠢᠬᠤ ᠶᠢ ᠲᠠᠶᠢᠴᠢᠯᠠᠪᠠ᠃ ᠵᠸᠥ ᠬᠠᠢ ᠨᠠᠨ᠄ ︽ᠲᠤᠰ | ᠤᠳᠠᠭᠠᠨ ᠤ ᠲᠡᠯᠬᠡᠨ ᠦᠵᠡᠬᠦᠯᠭᠡ ᠳᠤ ᠦᠢᠯᠡᠳᠬᠦᠨ ᠢᠶᠠᠨ ᠲᠡᠯᠭᠡᠨ ᠦᠵᠡᠬᠦᠯᠥᠭᠰᠡᠨ ᠢᠶᠠᠷ ᠪᠠᠷᠠᠬᠤ ᠦᠭᠡᠢ ᠬᠡᠳᠤᠨ | ᠠᠵᠢᠯ ᠡᠷᠢᠭᠰᠡᠳ ᠪᠤᠯᠪᠠᠰᠤᠷᠠᠯ ᠳᠤ ᠤᠷᠤᠯᠴᠠᠬᠤ ᠰᠠᠨᠠᠮᠵᠢ ᠲᠤᠭᠳᠠᠵᠤ᠂ ᠵᠠᠰᠠᠭ ᠤᠨ ᠤᠷᠳᠤᠨ ᠠᠴᠠ ᠪᠢᠳᠠᠨ ᠳᠤ | ᠲᠠᠪᠴᠠᠩ ᠬᠠᠩᠭᠠᠨ ᠦᠭᠬᠦᠭᠰᠡᠨ ᠳᠤ ᠲᠠᠯᠠᠷᠬᠠᠵᠤ ᠪᠠᠶᠢᠨ᠎ᠠ᠂ ᠪᠢᠳᠠ ᠪᠠᠰᠠ ᠬᠦᠳᠡᠯᠮᠤᠷᠢ ᠬᠦᠴᠤᠨ ᠤ ᠨᠡᠷᠡᠳᠤ | ᠲᠡᠮᠳᠡᠭᠳᠤ ᠶᠢ ᠡᠬᠦᠳᠬᠦ ᠳᠤ ᠦᠪᠠᠷ ᠤᠨ ᠭᠡᠰᠡᠨ ᠬᠦᠴᠤᠨ ᠢᠶᠠᠨ ᠡᠷᠬᠦᠬᠦ ᠪᠠᠷ ᠴᠢᠷᠮᠠᠶᠢᠨ᠎ᠠ︾ ᠭᠡᠪᠡ᠃ | ᠠᠵᠢᠯᠳᠠᠨ ᠡᠯᠰᠡᠬᠦ ᠬᠡᠪᠴᠢᠶ᠎ᠠ ᠪᠠᠨ ᠦᠷᠭᠡᠳᠭᠡᠬᠦ ᠪᠠᠷ ︽ᠤᠯᠠᠭᠠᠨᠬᠤᠳᠠ · ᠬᠤᠩ ᠶᠠᠨ ᠠᠵᠢᠯ ᠤᠨ ᠪᠠᠶᠢᠷᠢ | ᠬᠦᠷᠭᠡᠬᠦ︾ ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠠᠵᠢᠯᠯᠠᠭ᠎ᠠ ᠪᠠᠨ ᠴᠤᠤᠷᠢᠶ᠎ᠠ | ᠲᠠᠪᠴᠠᠩ ᠢᠶᠠᠷ ᠪᠠᠰᠠ ᠶᠠᠪᠤᠭᠳᠠᠭᠤᠯᠵᠤ᠂ ᠰᠢᠭᠤᠳ ᠨᠡᠪᠳᠡᠷᠡᠬᠦᠯᠥᠭᠴᠢ ᠠᠴᠠ ᠰᠦᠯᠵᠢᠶᠡᠨ ᠲᠡᠭᠡᠷ᠎ᠠ ᠠᠵᠢᠯ ᠤᠨ | ᠪᠠᠶᠢᠷᠢ ᠶᠢᠨ ᠱᠠᠭᠠᠷᠳᠠᠯᠭ᠎ᠠ᠂ ᠬᠦᠯᠤᠰᠤ ᠤᠯᠭᠤᠮᠵᠢ ᠵᠢᠴᠢ ᠠᠵᠤ ᠠᠬᠤᠶᠢᠯᠠᠯ ᠤᠨ ᠰᠤᠶᠤᠯ ᠵᠡᠷᠭᠡ ᠶᠢ ᠲᠠᠨᠢᠯᠴᠠᠭᠤᠯᠵᠤ | ᠂ ᠠᠵᠤ ᠠᠬᠤᠶᠢᠯᠠᠯ ᠤᠨ ᠠᠵᠢᠯᠳᠠᠨ ᠠᠴᠠ ᠰᠢᠭᠤᠳ ᠨᠡᠪᠳᠡᠷᠡᠬᠦᠯᠭᠡ ᠳᠤ ᠠᠵᠢᠯ ᠡᠷᠢᠭᠰᠡᠳ ᠤᠨ ᠬᠠᠮᠢᠶ᠎ᠠ ᠪᠦᠬᠦᠢ | ᠠᠰᠠᠭᠤᠯᠳᠠ ᠶᠢ ᠬᠠᠷᠢᠭᠤᠯᠵᠤ᠂ 3200 ᠭᠠᠷᠤᠢ ᠬᠦᠮᠤᠨ ︵ᠤᠳᠠᠭ᠎ᠠ︶ ᠰᠢᠭᠤᠳ ᠨᠡᠪᠳᠡᠷᠡᠬᠦᠯᠭᠡ ᠶᠢ ᠦᠵᠡᠯ᠎ᠠ᠃ | ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠠᠵᠢᠯ ᠤᠯᠭᠤᠬᠤ ᠦᠢᠯᠡᠴᠢᠯᠡᠭᠡᠨ ᠤ | ᠲᠦᠪ ᠠᠴᠠ ᠭᠡᠷ ᠤᠨ ᠡᠬᠦᠳᠡᠨ ᠳᠡᠭᠡᠨ ᠠᠵᠢᠯ ᠤᠯᠭᠤᠬᠤ ᠦᠢᠯᠡᠴᠢᠯᠡᠭᠡ ᠶᠢᠨ ᠦᠷᠳᠡᠭᠡ ᠳᠤ ᠲᠦᠰᠢᠭᠯᠡᠨ ᠦᠷᠭᠡᠨ | ᠤᠯᠠᠨ ᠠᠵᠢᠯ ᠤᠯᠵᠤ ᠦᠢᠯᠡᠰ ᠪᠤᠰᠬᠠᠭᠴᠢ ᠳᠤ ᠲᠦᠷᠥ ᠶᠢᠨ ᠪᠤᠳᠤᠯᠭ᠎ᠠ ᠶᠢᠨ ᠤᠬᠠᠭᠤᠯᠭ᠎ᠠ ᠦᠷᠨᠢᠭᠦᠯᠵᠤ᠂ | ᠦᠷᠬᠦᠯᠵᠢᠯᠡᠨ ︽ᠬᠠᠪᠤᠷ ᠤᠨ ᠤᠷᠠᠢ ᠠᠵᠢᠯᠯᠠᠭ᠎ᠠ︾ ᠪᠠᠷ ᠳᠠᠮᠵᠢᠭᠤᠯᠤᠨ᠂ ᠮᠤᠵᠢ ᠠᠯᠤᠰᠯᠠᠭᠰᠠᠨ ᠬᠦᠳᠡᠯᠮᠤᠷᠢ | ᠬᠦᠴᠤᠨ ᠤ ᠬᠠᠮᠵᠢᠯᠴᠠᠭ᠎ᠠ ᠪᠠᠨ ᠬᠦᠨᠵᠡᠭᠡᠶᠢᠷᠡᠬᠦᠯᠵᠤ᠂ ᠤᠨᠤᠴᠠᠳᠠᠢ ᠦᠢᠯᠡᠴᠢᠯᠡᠭᠡ ᠪᠠᠷ ᠭᠤᠤᠯᠳᠠᠯᠭ᠎ᠠ ᠲᠠᠢ ᠤᠯᠠᠨ | ᠲᠦᠮᠡᠨ ᠤ ᠠᠵᠢᠯ ᠤᠯᠵᠤ ᠦᠢᠯᠡᠰ ᠪᠤᠰᠬᠠᠬᠤ ᠳᠤ ᠳᠡᠮᠵᠢᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ | ᠬᠦᠭᠵᠢᠯᠳᠠ ᠳᠤ ᠰᠢᠨ᠎ᠠ ᠬᠦᠳᠡᠯᠭᠡᠭᠴᠢ ᠬᠦᠴᠤᠨ ᠬᠠᠩᠭᠠᠵᠤ ᠪᠤᠢ᠃ ︵ᠴᠤᠯᠮᠤᠨ︶ | | | | |