| ᠣᠶᠢᠷ᠎ᠠ ᠳᠤ᠂ ᠪᠥᠬᠦ ᠣᠷᠣᠨ ᠤ ᠠᠩᠬᠠᠳᠠᠭᠴᠢ ︽ᠬᠠᠤᠯᠢ ᠤᠶᠢᠯᠠᠭᠠᠭᠴᠢ︾ ᠶᠢ ᠬᠥᠮᠦᠵᠢᠭᠦᠯᠦᠨ | ᠦᠢᠯᠡᠳᠦᠯᠭᠡᠵᠢᠭᠦᠯᠬᠦ ᠰᠠᠭᠤᠷᠢᠨ ᠭᠠᠵᠠᠷ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠶᠢᠬᠦ᠋ᠸᠧ | ᠬᠠᠤᠯᠢ ᠴᠠᠭᠠᠵᠠ ᠶᠢᠨ ᠭᠠᠵᠠᠷ ᠲᠤ ᠵᠢᠩᠬᠢᠨᠢ ᠪᠠᠷ ᠪᠠᠶᠢᠭᠤᠯᠤᠭᠳᠠᠪᠠ᠃ ᠲᠤᠰ ᠰᠠᠭᠤᠷᠢᠨ ᠭᠠᠵᠠᠷ ᠨᠢ ︽ᠬᠠᠤᠯᠢ | ᠤᠶᠢᠯᠠᠭᠠᠭᠴᠢ︾ ᠶᠢ ᠬᠥᠮᠦᠵᠢᠭᠦᠯᠦᠨ ᠦᠢᠯᠡᠳᠦᠯᠭᠡᠵᠢᠭᠦᠯᠬᠦ ᠪᠠᠷ ᠲᠠᠮᠵᠢᠭᠤᠯᠵᠦ᠂ ᠨᠢᠭᠡᠨ ᠵᠢᠷᠤᠮᠵᠢᠭᠰᠠᠨ᠂ | ᠲᠤᠰᠬᠠᠶᠢᠵᠢᠭᠰᠠᠨ ︽ᠬᠠᠤᠯᠢ ᠤᠶᠢᠯᠠᠭᠠᠭᠴᠢ︾ ᠶᠢᠨ ᠡᠩᠨᠡᠭᠡ ᠶᠢ ᠪᠦᠳᠦᠬᠡᠨ ᠪᠠᠶᠢᠭᠤᠯᠵᠤ᠂ ᠦᠨᠳᠦᠰᠦᠨ ᠱᠠᠲᠤᠨ ᠤ | ᠬᠠᠤᠯᠢᠵᠢᠯ ᠤᠨ ᠪᠠᠶᠢᠭᠤᠯᠤᠯᠲᠠ ᠶᠢ ᠰᠢᠨ᠎ᠡ ᠨᠢᠬᠡᠨ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠬᠤ ᠪᠠᠷ ᠬᠠᠷᠠᠯᠳᠠ | ᠪᠤᠯᠭᠠᠪᠠ᠃ | ᠲᠣᠰ ᠰᠠᠭᠤᠷᠢᠨ ᠭᠠᠵᠠᠷ ᠨᠢ ᠵᠢᠷᠤᠮᠵᠢᠭᠰᠠᠨ᠂ ᠲᠤᠰᠬᠠᠶᠢᠵᠢᠭᠰᠠᠨ ︽ᠬᠠᠤᠯᠢ ᠤᠶᠢᠯᠠᠭᠠᠭᠴᠢ︾ ᠶᠢᠨ | ᠡᠩᠨᠡᠭᠡ ᠶᠢ ᠪᠠᠶᠢᠭᠤᠯᠬᠤ ᠬᠦᠨᠳᠦ ᠡᠭᠦᠷᠭᠡ ᠶᠢ ᠡᠬᠦᠷᠭᠡᠯᠡᠵᠦ᠂ ᠬᠡᠷᠡᠭ ᠲᠡᠬᠡᠷ᠎ᠡ ᠪᠠᠨ ᠦᠨᠳᠦᠰᠦᠨ ᠱᠠᠲᠤᠨ ᠤ | ᠬᠠᠤᠯᠢᠵᠢᠯ ᠤᠨ ᠪᠠᠶᠢᠭᠤᠯᠤᠯᠲᠠ ᠶᠢᠨ ᠰᠢᠨ᠎ᠡ ᠠᠶᠠᠨ ᠡᠬᠢᠯᠡᠭᠰᠡᠨ ᠢ ᠬᠠᠷᠠᠭᠤᠯᠵᠦ ᠪᠠᠶᠢᠨ᠎ᠠ᠃ ᠳᠤᠰ ᠰᠠᠭᠤᠷᠢᠨ | ᠭᠠᠵᠠᠷ ᠨᠢ ᠤᠯᠠᠭᠠᠨᠬᠤᠳᠠ ᠶᠢᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠳᠤᠪᠴᠢᠶ᠎ᠠ᠂ ᠬᠠᠤᠯᠢ ᠴᠠᠭᠠᠵᠠ ᠶᠢᠨ ᠳᠤᠪᠴᠢᠶ᠎ᠠ᠂ ᠬᠠᠤᠯᠢᠴᠢ ᠶᠢᠨ ᠭᠠᠵᠠᠷ ᠵᠡᠷᠭᠡ | ᠲᠤᠰᠬᠠᠢ ᠮᠡᠷᠭᠡᠵᠢᠯ ᠤᠨ ᠬᠦᠷᠢᠶ᠎ᠠ ᠴᠠᠷᠠᠭ᠎ᠠ ᠳᠠᠬᠢ ᠲᠤᠰᠬᠠᠶ ᠮᠡᠷᠭᠡᠵᠢᠯ ᠤᠨ ᠮᠡᠳᠡᠯᠭᠡ ᠪᠠ ᠲᠤᠷᠰᠢᠯᠭ᠎ᠠ ᠪᠠᠷ ᠪᠠᠶᠠᠯᠢᠬ | ᠬᠠᠤᠯᠢ ᠴᠠᠭᠠᠵᠠ ᠶᠢᠨ ᠺᠠᠳ᠋ᠷ ᠠᠵᠢᠯᠳᠡᠨ ᠢ ᠤᠷᠢᠵᠦ᠂ ᠬᠠᠨᠳᠤᠯᠭᠠᠳᠦ ᠴᠢᠨᠠᠷ ᠲᠠᠢ ᠪᠠᠷ ᠦᠨᠳᠦᠰᠤᠨ ᠱᠠᠳᠤᠨ ᠤ | ᠤᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠦ ᠪᠠᠶᠢᠭ᠎ᠠ ᠭᠤᠤᠯᠠᠬᠴᠢ ᠭᠡᠰᠢᠬᠦᠳ ᠢ ︽ᠬᠠᠤᠯᠢ | ᠤᠶᠢᠯᠠᠭᠠᠭᠴᠢ︾ ᠪᠤᠯᠭᠠᠨ ᠬᠥᠮᠦᠵᠢᠭᠦᠯᠬᠦ ᠪᠠᠷ ᠭᠤᠤᠯ ᠡᠬᠦᠷᠬᠡ ᠪᠠᠨ ᠪᠤᠯᠭᠠᠵᠠᠢ᠃ ᠳᠤᠬᠠᠶᠢᠯᠠᠪᠠᠯ᠂ | ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ︽ᠨᠠᠢᠮᠠᠳᠤᠭᠠᠷ ᠲᠠᠪᠤᠨ ᠵᠢᠯ ᠤᠨ ᠬᠠᠤᠯᠢ | ᠲᠦᠭᠡᠮᠡᠯᠵᠢᠭᠦᠯᠬᠦ︾ ᠠᠵᠢᠯ ᠢ ᠨᠠᠶᠢᠳᠠᠪᠤᠷᠢᠵᠢᠭᠤᠯᠤᠨ᠂ ᠦᠨᠳᠦᠰᠤᠨ ᠱᠠᠳᠤᠨ ᠤ ᠬᠠᠤᠯᠢᠵᠢᠯ ᠤᠨ ᠬᠢᠷᠢ ᠲᠦᠪᠰᠢᠨ ᠢ | ᠳᠡᠭᠡᠭᠰᠢᠯᠡᠬᠦᠯᠬᠦ ᠡᠬᠦᠳᠡᠨ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠡᠮᠡᠭᠲᠡᠶᠢᠴᠦᠳ ᠤᠨ ᠡᠷᠬᠡ ᠠᠰᠢᠭ ᠪᠠ | ᠠᠷᠠᠳ ᠤᠨ ᠳᠤᠮᠳᠠᠬᠢ ᠵᠢᠭᠡᠯᠡᠯᠭᠡ ᠵᠡᠷᠭᠡ 16 ᠲᠠᠯ᠎ᠠ ᠶᠢ ᠬᠠᠮᠤᠷᠤᠭᠰᠠᠨ ᠬᠠᠤᠯᠢ ᠲᠦᠭᠡᠮᠡᠯᠵᠢᠭᠦᠯᠬᠦ ᠰᠣᠳᠣᠨ | ᠬᠢᠴᠢᠶᠡᠯ ᠢ ᠨᠠᠷᠢᠨ ᠨᠢᠮᠪᠠᠶ ᠳᠤᠬᠢᠷᠠᠭᠤᠯᠪᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠲᠤᠬᠠᠶ ᠶᠢᠨ ᠳᠠᠯᠠᠪᠤᠷ ᠲᠤ᠂ ᠥᠪᠥᠷ ᠮᠣᠩᠭᠤᠯ ᠤᠨ ᠷᠦᠢ ᠳ᠋ᠦᠸᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ ᠪᠤᠯᠤᠨ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ | ᠵᠥᠪᠯᠡᠬᠦ ᠲᠠᠰᠤᠭ ᠤᠨ ᠳᠠᠷᠤᠭ᠎ᠠ ᠠᠴᠠ ᠲᠣᠰ ᠲᠣᠰ ᠡᠮᠡᠭᠲᠡᠶᠢᠴᠦᠳ ᠤᠨ ᠡᠷᠬᠡ ᠠᠰᠢᠭ ᠪᠠ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠠᠮᠢᠳᠤᠯᠢᠬ ᠢᠶᠠᠷ ᠳᠠᠶᠢᠯᠪᠤᠷᠢᠯᠠᠵᠦ᠂ ︽ᠬᠠᠤᠯᠢ | ᠤᠶᠢᠯᠠᠭᠠᠭᠴᠢ︾ ᠶᠢᠨ ᠳᠤᠬᠠᠶᠢᠯᠠᠬᠰᠠᠨ ᠠᠵᠢᠯ ᠤᠨ ᠬᠢᠷᠢ ᠲᠦᠪᠰᠢᠨ ᠤ ᠳᠡᠭᠡᠭᠰᠢᠯᠡᠯᠳᠡ ᠶᠢ ᠠᠬᠢᠭᠤᠯᠪᠠ᠃ | ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠷᠢᠭᠤᠴᠠᠯᠭᠠᠳᠠᠨ᠄ ︽ᠬᠠᠤᠯᠢ | ᠤᠶᠢᠯᠠᠭᠠᠭᠴᠢ ᠶᠢ ᠬᠥᠮᠦᠵᠢᠭᠦᠯᠦᠨ ᠦᠢᠯᠡᠳᠦᠯᠭᠡᠵᠢᠭᠦᠯᠬᠦ ᠰᠠᠭᠤᠷᠢᠨ ᠭᠠᠵᠠᠷ ᠤᠨ ᠦᠢᠯᠡᠳᠦᠯ ᠢ ᠬᠦᠢᠴᠡᠳ | ᠪᠠᠳᠠᠷᠠᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ | ᠬᠠᠤᠯᠢᠵᠢᠯ ᠤᠨ ᠪᠠᠶᠢᠭᠤᠯᠤᠯᠳᠠ ᠶᠢ ᠭᠦᠨᠵᠡᠭᠡᠶᠢᠷᠡᠬᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ | ᠣᠳᠣᠬᠢᠴᠢᠯᠠᠯᠲᠠ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠡ︾ ᠬᠡᠵᠦ ᠢᠯᠡᠷᠬᠡᠶᠢᠯᠡᠪᠡ᠃ ︵ᠯᠢ | ᠴᠢᠩ︶ | | | | | |