| ᠤᠷᠴᠢᠮᠬᠠᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠴᠢᠳᠠᠪᠤᠷᠢᠳᠡᠨ ᠤ | ᠪᠠᠶᠢᠭᠤᠯᠤᠯᠲᠠ ᠪᠠ ᠦᠷᠭᠦᠯᠵᠢᠯᠡᠬᠦ ᠰᠤᠷᠭᠠᠨ ᠬᠥᠮᠦᠵᠢᠯ ᠤᠨ ᠲᠥᠪ ᠠᠴᠠ ᠪᠡᠭᠡᠵᠢᠩ ᠤᠨ ᠭᠤᠤᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ ᠶᠢᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ᠂ | ᠤᠯᠠᠭᠠᠨᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠢᠷᠡᠬᠦᠯᠵᠦ ᠡᠷᠡᠬᠦᠯ ᠮᠡᠨᠳᠤ ᠪᠠᠷ ᠬᠠᠪᠰᠤᠷᠤᠨ ᠲᠡᠳᠬᠦᠬᠦ | ᠠᠵᠢᠯᠯᠠᠭ᠎ᠠ ᠦᠷᠨᠢᠬᠦᠯᠪᠡ᠃ ᠲᠤᠰ ᠲᠤᠰᠬᠠᠶ ᠮᠡᠷᠭᠡᠵᠢᠯᠲᠡᠨ ᠤ ᠪᠦᠯᠬᠦᠮ ᠨᠢ ᠨᠢᠳᠦᠨ ᠤ ᠰᠠᠯᠠᠭ᠎ᠠ᠂ ᠮᠡᠳᠡᠷᠡᠯ ᠤᠨ | ᠳᠣᠲᠣᠷ ᠰᠠᠯᠠᠭ᠎ᠠ᠂ ᠮᠡᠳᠡᠷᠡᠯ ᠤᠨ ᠭᠠᠳᠠᠷ ᠰᠠᠯᠠᠭ᠎ᠠ ᠪᠠ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠵᠡᠷᠭᠡ | ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠡᠷᠬᠡ ᠰᠦᠷᠲᠦ ᠮᠡᠷᠭᠡᠵᠢᠯᠲᠡᠨ ᠢᠶᠠᠷ ᠪᠦᠷᠢᠯᠳᠦᠭᠰᠡᠨ ᠪᠠᠶᠢᠨ᠎ᠠ᠃ | ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠳᠤ᠂ ᠲᠤᠰᠬᠠᠶ ᠮᠡᠷᠭᠡᠵᠢᠯᠲᠡᠳ ᠡᠪᠡᠳᠴᠢᠲᠡᠨ ᠤ | ᠡᠪᠡᠳᠴᠢᠨ ᠤ ᠲᠡᠤᠬᠡ ᠶᠢ ᠬᠦᠯᠢᠴᠡᠩᠭᠦᠶ ᠪᠠᠷ ᠯᠠᠪᠯᠠᠨ ᠠᠰᠠᠭᠤᠵᠤ᠂ ᠪᠠᠶᠢᠴᠠᠭᠠᠯᠲᠠ ᠶᠢᠨ ᠮᠡᠳᠡᠭᠦᠯᠦᠯᠲᠡ ᠶᠢ ᠨᠠᠷᠢᠨ | ᠨᠢᠮᠪᠠᠶ ᠵᠠᠳᠠᠯᠵᠤ᠂ ᠬᠦᠴᠢᠷ ᠲᠦᠪᠡᠭᠲᠡᠶ ᠨᠢᠳᠦᠨ ᠤ ᠡᠪᠡᠳᠴᠢᠨ᠂ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ | ᠨᠠᠰᠤᠲᠠᠶᠢᠴᠤᠳ ᠤᠨ ᠤᠳᠠᠭᠠᠨ ᠴᠢᠨᠠᠷᠲᠠᠶ ᠡᠪᠡᠳᠴᠢᠨ ᠵᠡᠷᠭᠡ ᠳᠤ ᠴᠢᠭᠯᠡᠭᠦᠯᠦᠨ ᠥᠪᠡᠷᠮᠢᠴᠡ ᠡᠮᠴᠢᠯᠡᠭᠡᠨ ᠤ | ᠲᠥᠰᠦᠯ ᠢ ᠲᠣᠭᠲᠠᠭᠠᠵᠤ᠂ ᠲᠤᠬᠠᠶ ᠶᠢᠨ ᠲᠠᠯᠠᠪᠤᠷ ᠲᠤ ᠡᠪᠡᠳᠴᠢᠲᠡᠨ ᠢ ᠨᠡᠶᠢᠲᠡ 100 ᠭᠠᠷᠤᠶ ᠬᠥᠮᠦᠨ ᠤᠳᠠᠭ᠎ᠠ | ᠭᠥᠯᠢᠶᠡᠨ ᠠᠪᠴᠤ ᠤᠨᠤᠰᠢᠯᠠᠪᠠ᠃ ᠡᠬᠦᠨ ᠤ ᠳᠠᠭᠠᠤ᠂ ᠳᠤᠰᠬᠠᠢ ᠮᠡᠷᠭᠡᠵᠢᠯᠳᠡᠨ ᠠᠴᠠ ᠤᠯᠠᠭᠠᠨᠬᠤᠳᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢ ᠰᠤᠪᠢᠯᠠᠬᠴᠢ ᠳᠤ ᠵᠢᠭᠠᠨ ᠵᠢᠯᠤᠭᠤᠳᠤᠯᠭ᠎ᠠ ᠬᠠᠨᠭ᠍ᠭᠠᠵᠦ᠂ | ᠡᠮᠴᠢᠯᠡᠭᠡᠨ ᠤ ᠮᠡᠷᠭᠡᠵᠢᠯ ᠳᠤᠷᠰᠢᠯᠭ᠎ᠠ ᠪᠠᠨ ᠬᠠᠷᠠᠮ ᠦᠭᠡᠢ ᠤᠯᠠᠮᠵᠢᠯᠠᠵᠠᠢ᠃ ᠳᠠᠷᠠᠭ᠎ᠠ ᠳᠤᠨᠢ᠂ ᠲᠤᠰ ᠲᠤᠰᠬᠠᠶ | ᠮᠡᠷᠭᠡᠵᠢᠯᠲᠡᠨ ᠤ ᠪᠦᠯᠬᠦᠮ ᠨᠢ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠭᠤᠤᠯᠳᠠᠯᠭ᠎ᠠ ᠲᠠᠢ | ᠲᠤᠰᠬᠠᠶ ᠮᠡᠷᠭᠡᠵᠢᠯ ᠳᠤ ᠰᠢᠨ᠎ᠡ ᠠᠮᠢᠯᠠᠯ ᠤᠨ ᠬᠦᠴᠦᠨ ᠣᠯᠭᠤᠬᠤ ᠪᠣᠯᠪᠠᠰᠤᠷᠠᠯ ᠤᠨ ᠠᠩᠭᠢ ᠡᠷᠬᠢᠯᠡᠪᠡ᠃ ᠳᠡᠳᠠ | ᠦᠨᠳᠦᠰᠦᠨ ᠱᠠᠲᠤᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠡᠷᠡᠮᠳᠡᠭ ᠢ | ᠠᠩᠬᠠᠷᠬᠤ ᠵᠢᠴᠢ ᠤᠷᠢᠳᠴᠢᠯᠡᠨ ᠤᠨᠤᠰᠢᠯᠠᠬᠤ︾᠂ ︽ᠬᠦᠵᠦᠭᠦᠨ ᠤ ᠯᠤᠭᠰᠢᠭᠤᠨ ᠰᠤᠳᠠᠯ ᠤᠨ ᠣᠨᠣᠰᠢᠯᠠᠯᠲᠠ ᠪᠠ | ᠡᠮᠴᠢᠯᠡᠭᠡ︾ ᠵᠡᠷᠭᠡ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠪᠡ᠃ | ᠲᠣᠰ ᠤᠳᠠᠭᠠᠨ ᠤ ᠠᠵᠢᠯᠯᠠᠭ᠎ᠠ ᠨᠢ ︽ᠠᠯᠪᠠᠨ ᠵᠢᠷᠤᠮ ᠤᠨ ᠡᠮᠴᠢᠯᠡᠭᠡ + ᠪᠣᠯᠪᠠᠰᠤᠷᠠᠯ︾ ᠢ ᠵᠡᠷᠭᠡᠪᠠᠷ | ᠦᠷᠨᠢᠬᠦᠯᠬᠦ ᠵᠠᠭᠪᠤᠷ ᠢᠶᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠴᠢᠨᠠᠷ ᠰᠠᠶᠢᠲᠠᠶ | ᠡᠮᠴᠢᠯᠡᠭᠡᠨ ᠤ ᠦᠢᠯᠡᠴᠢᠯᠡᠭᠡ ᠬᠠᠨᠭ᠍ᠭᠠᠬᠰᠠᠨ ᠢᠶᠠᠷ ᠪᠠᠷᠠᠬᠤ ᠥᠬᠡᠶ᠂ ᠨᠠᠩ ᠴᠤ ︽ᠤᠯᠠᠮᠵᠢᠯᠠᠬᠤ ᠬᠠᠪᠰᠤᠷᠬᠤ | ᠳᠠᠭᠠᠭᠤᠯᠬᠤ︾ ᠵᠠᠭᠪᠤᠷ ᠢᠶᠠᠷ ᠳᠠᠮᠵᠢᠭᠤᠯᠤᠨ ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠬᠦᠴᠦᠨ ᠢᠶᠠᠷ ᠰᠢᠨᠵᠢᠯᠡᠭᠡᠨ ᠤ ᠰᠠᠯᠠᠭ᠎ᠠ ᠶᠢᠨ | ᠪᠦᠳᠦᠭᠡᠨ ᠪᠠᠶᠢᠭᠤᠯᠤᠯᠳᠠ ᠪᠤᠯᠤᠨ ᠴᠢᠳᠠᠪᠤᠷᠢᠳᠡᠨ ᠤ ᠪᠠᠶᠢᠭᠤᠯᠤᠯᠳᠠ ᠶᠢ ᠠᠬᠢᠭᠤᠯᠵᠦ᠂ ᠤᠯᠠᠨ ᠲᠦᠮᠡᠨ ᠳᠤ ᠴᠢᠨᠠᠷ | ᠰᠠᠶᠢᠳᠠᠢ ᠡᠮᠴᠢᠯᠡᠭᠡᠨ ᠤ ᠦᠢᠯᠡᠴᠢᠯᠡᠭᠡ ᠠᠪᠴᠢᠷᠠᠵᠦ ᠦᠭᠬᠦᠭᠰᠡᠨ ᠪᠠᠶᠢᠨ᠎ᠠ᠃ | | | |