| 3 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 113 ᠳ᠋ᠤᠭᠠᠷ ᠤᠳᠠᠭᠠᠨ ᠤ ᠬᠤᠷᠠᠯ | ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ | ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ ᠡᠷᠭᠢᠯᠡᠨ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠬᠤᠳᠠᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠠᠵᠢᠯ ᠤᠨ ᠲᠤᠬᠢᠷᠠᠭᠤᠯᠤᠯᠳᠠ︾ ᠵᠡᠷᠭᠡ ᠪᠢᠴᠢᠭ ᠮᠠᠲ᠋ᠧᠷᠢᠶᠠᠯ ᠢ | ᠬᠢᠨᠠᠨ ᠵᠥᠪᠯᠡᠨ ᠪᠠᠲᠤᠯᠠᠵᠤ᠂ ᠪᠦᠬᠦ ᠬᠤᠳᠠ ᠶᠢᠨ 2025 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ | ᠮᠠᠯᠴᠢᠨ ᠲᠠᠷᠢᠶᠠᠴᠢᠨ︾᠂ ᠨᠢᠭᠡᠳᠦᠮᠡᠯ ᠹᠷᠣᠨᠲ᠂ ᠤᠬᠠᠭᠤᠯᠭ᠎ᠠ᠂ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠠᠵᠢᠯ ᠤᠨ ᠲᠥᠯᠥᠪᠯᠡᠭᠡ ᠶᠢ ᠰᠣᠨᠣᠰᠴᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ᠂ ᠢᠯᠵᠠᠷᠠᠯ ᠤᠨ | ᠠᠰᠠᠭᠤᠳᠠᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠶᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ | ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠭᠤᠤᠯ ᠰᠡᠳᠦᠪ ᠭᠤᠤᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠦᠨ᠂ | ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ ᠡᠭᠦᠳᠡ ᠪᠠᠨ ᠨᠡᠭᠡᠭᠡᠬᠦ ᠬᠥᠮᠦᠵᠢᠯ ᠢ ᠪᠠᠷᠢᠮᠲᠠᠯᠠᠨ᠂ | ᠰᠤᠷᠤᠯᠴᠠᠨ ᠪᠠᠶᠢᠴᠠᠭᠠᠵᠤ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠦᠷᠢᠮ ᠲᠣᠭᠲᠠᠭᠠᠯ | ᠲᠣᠭᠲᠠᠭᠠᠬᠤ ᠶᠢ ᠬᠦᠴᠦᠯᠡᠨ ᠴᠢᠩᠭᠠᠳᠬᠠᠵᠤ᠂ ᠰᠤᠷᠤᠯᠴᠠᠯᠭ᠎ᠠ ᠨᠢ ᠶᠠᠰᠤ ᠴᠢᠨᠠᠷ ᠲᠠᠢ᠂ ᠪᠠᠶᠢᠴᠠᠭᠠᠯᠲᠠ ᠨᠢ | ᠡᠷᠴᠢᠮ ᠲᠠᠢ᠂ ᠰᠠᠶᠢᠵᠢᠷᠠᠭᠤᠯᠤᠯᠲᠠ ᠨᠢ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠵᠠᠢ᠃ | ᠬᠤᠷᠠᠯ ᠠᠴᠠ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷᠪᠡᠨ | ᠤᠯᠠᠷᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠲᠠᠪᠤᠨ ᠰᠠᠶᠢᠨ ᠬᠤᠶᠠᠷ ᠲᠣᠬᠢᠷᠠᠮᠵᠢᠲᠠᠢ︾ | ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠤᠷᠰᠢᠯᠲᠠ ᠶᠢᠨ ᠴᠡᠭ ᠤᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠬᠦᠭᠡᠷᠦᠮᠵᠢᠲᠦ ᠲᠠᠷᠢᠶᠠᠯᠠᠩ ᠤᠨ ᠲᠤᠬᠠᠢ ᠶᠢᠨ | ᠲᠠᠯᠠᠪᠠᠢ ᠶᠢᠨ ᠬᠤᠷᠠᠯ ᠢ ᠰᠦᠪᠡᠭᠴᠢᠯᠡᠨ ᠡᠷᠬᠢᠯᠡᠵᠦ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ | ᠠᠬᠤᠢ ᠶᠢ ᠳᠠᠶᠢᠴᠢᠯᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠠᠭᠠᠨᠬᠤᠲᠠ ᠶᠢᠨ ᠬᠥᠳᠡᠭᠡ | ᠠᠵᠤ ᠠᠬᠤᠢ ᠶᠢᠨ ᠨᠡᠷᠡᠲᠦ ᠲᠡᠮᠳᠡᠭᠲᠦ ᠶᠢ ᠪᠦᠬᠦ ᠬᠦᠴᠦᠨ ᠢᠶᠠᠷ ᠡᠭᠦᠳᠬᠦ ᠬᠡᠷᠡᠭᠲᠡᠢ᠃ ᠳᠡᠭᠡᠳᠦ ᠱᠠᠲᠤᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠢᠭᠡᠳᠦᠮᠡᠯ ᠹᠷᠣᠨᠲ᠂ | ᠨᠡᠶᠢᠭᠡᠮ ᠤᠨ ᠠᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ | ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ᠵᠢᠷᠭᠤᠭᠠᠨ ᠠᠵᠢᠯᠯᠠᠭ᠎ᠠ︾ ᠶᠢᠨ | ᠲᠣᠭᠤᠷᠢᠨ ᠳᠤ ᠭᠤᠣᠯᠳᠠᠯᠭ᠎ᠠ ᠶᠢ ᠲᠣᠪᠤᠶᠢᠯᠭᠠᠨ᠂ ᠬᠢᠯᠠᠰ ᠴᠡᠭ ᠢ ᠪᠣᠶ ᠪᠣᠯᠭᠠᠵᠤ᠂ ᠪᠦᠬᠦ ᠬᠤᠲᠠ ᠶᠢᠨ ᠡᠯ᠎ᠡ | ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠱᠠᠭᠠᠷᠳᠠᠯᠭ᠎ᠠ | ᠰᠢᠨ᠎ᠡ ᠪᠠᠶᠢᠷᠢᠯᠠᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠵᠤ᠂ ᠲᠦᠷᠢᠮ ᠲᠣᠭᠲᠠᠭᠠᠯ ᠲᠣᠭᠲᠠᠭᠠᠬᠤ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ | ᠪᠠᠶᠢᠬᠤ ᠶᠢ ᠪᠠᠲᠤᠯᠠᠵᠤ᠂ ᠪᠦᠬᠦ ᠬᠤᠳᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ | ᠠᠬᠢᠬᠤ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯᠳᠠᠯᠭ᠎ᠠ ᠲᠠᠢ ᠬᠦᠷᠢᠶ᠎ᠡ᠂ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠵᠤ | ᠵᠠᠰᠠᠬᠤ ᠠᠵᠢᠯ ᠢ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠤᠯᠠᠮ ᠴᠢᠨᠠᠭᠰᠢᠳᠠ ᠬᠥᠭᠵᠢᠭᠡᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠡᠯ᠎ᠡ ᠵᠦᠢᠯ ᠤᠨ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | | |