ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2025/3/26
        3 ᠰᠠᠷ᠎ᠠ ᠶᠢᠨ 25 ᠤ ᠡᠳᠦᠷ᠂ ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ︾ ᠤᠨ ᠡᠬᠢᠯᠡᠯᠲᠡ ᠶᠢᠨ ᠬᠤᠷᠠᠯ ᠢ ᠬᠤᠷᠠᠯᠳᠤᠭᠤᠯᠵᠤ᠂ ᠪᠦᠬᠦ ᠪᠠᠶᠢᠭᠤᠯᠭ᠎ᠠ ᠶᠢᠨ ᠺᠠᠳ᠋ᠷ᠂ ᠲᠦᠷᠪᠡᠨ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃        ᠨᠠᠮ ᠤᠨ ᠠᠵᠢᠯᠯᠠᠬᠤ ᠵᠥᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠢᠤᠢ ᠵᠣᠣ ᠪᠥᠸᠧ ᠨᠥᠬᠦᠷ ᠠᠴᠠ ᠣᠯᠠᠨ ᠳᠤ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠳᠠᠮᠵᠢᠭᠤᠯᠵᠠᠢ᠃        ᠨᠠᠮ ᠤᠨ ᠠᠵᠢᠯ ᠤᠨ ᠵᠥᠪᠯᠡᠯ ᠤᠨ ᠱᠦᠵᠢ ᠺᠠᠩ ᠠᠨ ᠱᠢ ᠨᠥᠬᠦᠷ ᠠᠴᠠ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠴᠠᠭ ᠤᠨ ᠲᠤᠬᠢᠷᠠᠭᠤᠯᠤᠯᠳᠠ᠂ ᠰᠤᠷᠤᠯᠴᠠᠯᠭ᠎ᠠ ᠶᠢᠨ ᠠᠭᠤᠯᠭ᠎ᠠ᠂ ᠰᠤᠷᠤᠯᠴᠠᠯᠭ᠎ᠠ ᠳᠤ ᠣᠷᠣᠯᠴᠠᠬᠤ ᠬᠥᠮᠦᠰ᠂ ᠪᠣᠳᠠᠲᠠᠢ ᠡᠭᠦᠷᠭᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠲᠥᠯᠥᠪᠵᠢᠭᠦᠯᠦᠨ ᠪᠠᠶᠢᠷᠢᠯᠠᠭᠤᠯᠪᠠ᠃        ᠲᠡᠷᠡ᠂ ᠲᠣᠰ ᠤᠳᠠᠭᠠᠨ ᠤ ᠰᠤᠷᠤᠯᠴᠠᠯᠭ᠎ᠠ ᠬᠥᠮᠦᠵᠢᠯ ᠳᠤ ᠪᠦᠯᠦᠭ ᠤᠳᠠᠭ᠎ᠠ ᠬᠤᠪᠢᠶᠠᠬᠤ ᠥᠬᠡᠶ᠂ ᠱᠠᠲᠤ ᠦᠶ᠎ᠡ ᠬᠤᠪᠢᠶᠠᠬᠤ ᠥᠬᠡᠶ᠂ ᠨᠢᠭᠡᠳᠦᠯᠲᠡᠶ ᠲᠥᠯᠥᠪᠵᠢᠭᠦᠯᠦᠨ ᠤᠶᠠᠯᠳᠤᠭᠤᠯᠵᠤ᠂ ᠳᠡᠭᠡᠳᠦ ᠳᠤᠤᠷᠠᠳᠤ ᠱᠠᠲᠤ ᠪᠠᠷ ᠢᠶᠠᠨ ᠰᠠᠶᠢᠲᠤᠷ ᠬᠠᠮᠵᠢᠯᠴᠠᠬᠤ ᠬᠡᠷᠡᠭᠲᠡᠢ᠃ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠶᠢ ᠡᠷᠬᠢᠮᠯᠡᠬᠦ ᠶᠢ ᠢᠮᠠᠭᠲᠠ ᠪᠠᠷᠢᠮᠲᠠᠯᠠᠵᠤ᠂ ᠡᠳᠦᠷ ᠲᠤᠳᠤᠮ ᠤᠨ ᠠᠵᠢᠯ ᠳᠤ ᠪᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠰᠤᠷᠤᠯᠴᠠᠯᠭ᠎ᠠ ᠶᠢ ᠢᠮᠠᠭᠲᠠ ᠲᠤᠭᠤᠰᠢᠯᠠᠭᠤᠯᠵᠤ᠂ ᠰᠤᠷᠤᠯᠴᠠᠬᠤ ᠶᠢᠨ ᠳᠠᠭᠠᠤ ᠪᠠᠶᠢᠴᠠᠭᠠᠵᠤ ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠰᠤᠷᠤᠯᠴᠠᠬᠤ᠂ ᠪᠠᠶᠢᠴᠠᠭᠠᠬᠤ᠂ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃        ᠺᠠᠩ ᠠᠨ ᠱᠢ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠬᠡᠯᠪᠡᠷᠢ ᠶᠢᠨ ᠲᠡᠳᠦᠢ ᠪᠠᠶᠢᠵᠤ ᠪᠣᠯᠬᠤ ᠦᠭᠡᠢ᠂ ᠡᠷᠬᠡᠪᠰᠢ ᠡᠳᠦᠷ ᠲᠤᠲᠤᠮ ᠤᠨ ᠠᠵᠢᠯ ᠲᠠᠢ ᠨᠢᠭᠲᠠ ᠤᠶᠠᠯᠳᠤᠭᠤᠯᠵᠤ᠂ ︽ᠪᠣᠳᠠᠲᠠᠢ︾ ᠪᠠᠶᠢᠬᠤ ᠶᠢ ᠪᠠᠷᠢᠮᠲᠠᠯᠠᠬᠤ ᠳᠡᠭᠡᠷ᠎ᠡ ᠬᠦᠴᠦ ᠲᠠᠯᠪᠢᠵᠤ᠂ ᠠᠷᠭ᠎ᠠ ᠬᠡᠮᠵᠢᠶ᠎ᠡ ᠨᠢᠭᠡᠪᠦᠷᠢ ᠴᠥᠮ ︽ᠪᠣᠳᠠᠲᠠᠢ︾ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠨᠡᠨ ᠬᠦ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃        ᠳᠠᠷᠠᠭ᠎ᠠ ᠨᠢ ᠡᠯ᠎ᠡ ᠨᠡᠶᠢᠭᠡᠮ ᠲᠣᠭᠤᠷᠢᠭ ᠤᠨ ᠨᠠᠮ ᠤᠨ ᠡᠭᠦᠷ ᠲᠤᠰ ᠲᠤᠰ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠡᠬᠢᠯᠡᠯᠲᠡ ᠶᠢᠨ ᠬᠤᠷᠠᠯ ᠢ ᠬᠤᠷᠠᠯᠳᠤᠭᠤᠯᠵᠤ᠂ ᠲᠥᠪ ᠤᠨ ︽ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢᠨ ᠬᠠᠮᠲᠤ ᠲᠤᠰ ᠨᠡᠶᠢᠭᠡᠮ ᠲᠣᠭᠤᠷᠢᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠢᠷᠠᠭᠤᠯᠤᠯᠳᠠ ᠶᠢ ᠰᠤᠳᠤᠯᠤᠨ ᠬᠢᠨᠠᠨ ᠵᠥᠪᠯᠡᠪᠡ᠃        ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠲᠣᠰ ᠤᠳᠠᠭᠠᠨ ᠤ ᠡᠬᠢᠯᠡᠯᠲᠡ ᠶᠢᠨ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠯᠠᠪᠳᠠᠭᠤᠨ ᠪᠠᠲᠤᠲᠠᠶ ᠭᠦᠨᠵᠡᠭᠡᠶ ᠰᠤᠷᠤᠯᠴᠠᠬᠤ ᠠᠵᠢᠯᠯᠠᠭ᠎ᠠ ᠥᠷᠨᠢᠭᠦᠯᠵᠦ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠡᠭᠡᠯᠢ ᠭᠤᠳᠤᠮᠵᠢ ᠶᠢᠨ ᠠᠵᠢᠯ ᠤᠨ ᠨᠠᠷᠢᠨ ᠵᠦᠢᠯᠡᠰ ᠨᠢᠭᠡᠪᠦᠷᠢ ᠳᠤ ᠪᠥᠬᠦ ᠲᠠᠯ᠎ᠠ ᠪᠠᠷ ᠠᠭᠤᠰᠤᠯᠴᠠᠭᠤᠯᠵᠤ᠂ ᠰᠤᠷᠲᠠᠯ ᠴᠢᠬᠡᠴᠢ ᠣᠪᠣᠷ ᠲᠥᠪ ᠂ ᠵᠢᠷᠤᠮᠵᠢᠯ ᠲᠠᠢ ᠡᠮᠬᠢ ᠵᠢᠷᠤᠮ ᠲᠠᠢ ᠤᠯᠤᠰ ᠲᠥᠷᠥ ᠶᠢᠨ ᠣᠷᠴᠢᠨ ᠲᠣᠭᠤᠷᠢᠨ ᠢ ᠪᠠᠶᠢᠭᠤᠯᠵᠤ᠂ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠦᠴᠦᠲᠡᠶ ᠰᠤᠷᠲᠠᠯ ᠤᠨ ᠪᠠᠲᠤᠯᠠᠭ᠎ᠠ ᠬᠠᠩᠭᠠᠨ᠎ᠠ᠃   
 
ᠢᠷᠡᠯᠲᠡ᠄ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠬᠡᠷᠡᠭ ᠡᠷᠬᠢᠯᠡᠭᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号