| 2024 ᠣᠨ ᠳᠤ᠂ ᠬᠢᠩᠭᠠᠨ ᠠᠶᠢᠮᠠᠭ 18 ᠲᠥᠷᠥᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠠ | ᠭᠠᠷᠭᠠᠵᠤ᠂ ᠨᠤᠳᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠡᠯ᠎ᠠ ᠮᠠᠯᠵᠢᠬᠤ ᠠᠰᠠᠭᠤᠳᠠᠯ ᠳᠤ ᠰᠢᠭᠤᠳ | ᠴᠣᠬᠢᠯᠲᠠ ᠥᠭᠴᠡᠢ᠃ ᠡᠭᠦᠨ ᠳᠤ᠂ ᠨᠤᠲᠤᠭ ᠪᠡᠯᠴᠢᠭᠡᠷ ᠤᠨ ᠱᠠᠩᠨᠠᠵᠤ ᠳᠤᠷᠭᠠᠬᠤ ᠪᠠᠯᠠ ᠮᠥᠩᠭᠦ ᠶᠢᠨ | ᠲᠣᠭᠲᠠᠴᠠ ᠨᠢ ᠤᠯᠠᠮᠵᠢᠯᠠᠯᠲᠤ ᠨᠥᠬᠦᠪᠥᠷᠢ ᠶᠢᠨ ᠵᠠᠭᠪᠤᠷ ᠢ ᠡᠪᠳᠡᠵᠦ᠂ ᠮᠠᠯᠴᠢᠳ ᠢ ᠬᠥᠲᠥᠯᠥᠨ ᠵᠢᠯᠣᠭᠤᠳᠤᠨ ᠠᠮᠢ | ᠠᠬᠤᠢ ᠶᠢᠨ ᠬᠠᠷᠠᠭᠠᠰᠦ ᠠᠴᠠ ᠨᠤᠳᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢ ᠨᠢ ᠬᠥᠭᠵᠢᠭᠡᠵᠡᠶ᠃ | ︽ᠬᠠᠤᠯᠢ ᠬᠡᠷᠡᠭᠵᠢᠭᠦᠯᠬᠦ ᠠᠵᠢᠯᠲᠠᠨ ᠤ ᠲᠠᠶᠢᠯᠤᠮᠵᠢ ᠪᠠ ᠤᠬᠠᠭᠤᠯᠭ᠎ᠠ ᠪᠠᠷ ᠳᠡᠮᠵᠢᠨ ᠪᠡᠯᠴᠢᠭᠡᠷᠯᠡᠭᠦᠯᠬᠦ ᠶᠢ | ᠬᠤᠷᠢᠬᠯᠠᠬᠤ ᠪᠣᠯ ᠦᠨᠡᠬᠡᠷ ᠪᠠᠭ᠎ᠠ ᠤᠴᠢᠷ ᠪᠢᠰᠢ ᠭᠡᠳᠡᠭ ᠢ ᠤᠶᠢᠯᠠᠭᠠᠯ᠎ᠠ᠂ ᠬᠤᠶᠢᠰᠢᠳᠠ ᠪᠢ ᠯᠠᠪᠲᠠᠶ | ᠪᠡᠯᠴᠢᠭᠡᠷᠯᠡᠭᠦᠯᠬᠦ ᠶᠢ ᠬᠤᠷᠢᠬᠯᠠᠬᠤ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠨᠤᠳᠤᠭ ᠪᠡᠯᠴᠢᠭᠡᠷ ᠢᠶᠠᠨ ᠰᠠᠶᠢᠲᠤᠷ | ᠬᠠᠮᠠᠭᠠᠯᠠᠨ᠎ᠠ︾ ᠭᠡᠵᠦ ᠬᠢᠩᠭᠠᠨ ᠠᠳᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠠᠳᠤᠭᠤᠨ ᠲᠠᠯᠠᠪᠠᠢ ᠶᠢᠨ ᠠᠷᠪᠠᠨ | ᠳᠥᠷᠪᠡᠳᠦᠭᠡᠷ ᠪᠠᠷᠢᠭᠠᠳᠡ ᠶᠢᠨ ᠠᠷᠠᠳ ᠵᠧᠨ ᠳ᠋ᠧ ᠯᠢᠶᠠᠩ ᠬᠡᠯᠡᠪᠡ᠃ | ︽ᠪᠢᠳᠡ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠲᠡ 350 | ᠬᠡᠰᠢᠭᠦᠨ ᠲᠠᠢ᠂ ᠲᠦᠷ ᠴᠠᠭ ᠤᠨ ᠬᠠᠤᠯᠢ ᠬᠡᠷᠡᠭᠵᠢᠭᠦᠯᠬᠦ ᠡᠩᠨᠡᠭᠡ ᠶᠢ 48 ᠵᠣᠬᠢᠶᠠᠨ ᠪᠠᠶᠢᠭᠤᠯᠵᠤ᠂ ᠣᠨᠳᠣᠤ | ᠭᠠᠵᠠᠷ ᠲᠤ ᠬᠠᠤᠯᠢ ᠬᠡᠷᠡᠭᠵᠢᠭᠦᠯᠬᠦ᠂ ᠣᠨᠴᠠ ᠵᠠᠷᠢᠮ ᠭᠠᠵᠠᠷ ᠣᠷᠣᠨ ᠤ ᠬᠠᠤᠯᠢ ᠬᠡᠷᠡᠭᠵᠢᠭᠦᠯᠬᠦ ᠳᠤ ᠭᠥᠴᠢᠷ ᠪᠠᠶᠢᠬᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ︾ ᠭᠡᠵᠦ ᠬᠢᠩᠭᠠᠨ ᠠᠶᠢᠮᠠᠭ ᠤᠨ ᠤᠢ ᠰᠢᠭᠤᠢ ᠪᠠ ᠨᠤᠲᠤᠭ | ᠪᠡᠯᠴᠢᠭᠡᠷ ᠢ ᠱᠠᠯᠠᠪᠳᠠᠭᠤᠯᠤᠨ ᠪᠠᠶᠢᠴᠠᠭᠠᠵᠤ ᠪᠠᠲᠤᠯᠠᠬᠤ ᠲᠥᠪ ᠤᠨ ᠳᠡᠳ᠋ ᠡᠷᠬᠢᠯᠡᠭᠴᠢ ᠳᠤᠷᠤᠨ᠎ᠠ ᠬᠡᠯᠡᠵᠦ ᠪᠠᠶᠢᠯ᠎ᠠ᠃ | 2024 ᠣᠨ ᠳᠤ ᠬᠢᠩᠭᠠᠨ ᠠᠶᠢᠮᠠᠭ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ | ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠪᠡ᠃ ᠡᠭᠦᠨ ᠤ ᠵᠡᠷᠭᠡ ᠳᠤ᠂ | ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ︽ᠲᠣᠭᠲᠠᠭᠠᠯ ᠠᠴᠠ | ᠵᠥᠷᠢᠴᠡᠨ ᠪᠡᠯᠴᠢᠭᠡᠷᠯᠡᠭᠦᠯᠬᠦ ᠳᠤ ᠬᠢᠨᠠᠯᠲᠠ ᠲᠠᠯᠪᠢᠬᠤ ᠲᠠᠪᠴᠠᠩ︾ ᠢ ᠰᠦᠯᠵᠢᠶᠡᠨ ᠳᠤ ᠣᠷᠣᠭᠤᠯᠬᠤ ᠪᠠᠷ | ᠳᠠᠮᠵᠢᠭᠤᠯᠤᠨ᠂ ᠪᠥᠬᠦ ᠠᠷᠠᠳ ᠢᠶᠠᠷ ᠢᠶᠠᠨ ᠣᠷᠣᠯᠴᠠᠬᠤ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠤᠨ ᠬᠢᠨᠠᠯᠲᠠ | ᠬᠠᠮᠢᠶᠠᠷᠤᠯᠲᠠ ᠶᠢᠨ ᠥᠨᠳᠥᠷ ᠪᠦᠲᠦᠮᠵᠢᠲᠡᠶ ᠪᠠᠶᠢᠬᠤ ᠪᠠ ᠨᠠᠷᠢᠯᠢᠭ ᠣᠨᠣᠴᠠᠲᠠᠶ ᠪᠠᠶᠢᠬᠤ ᠶᠢ ᠪᠡᠶᠡᠯᠡᠭᠦᠯᠵᠠᠢ᠃ | ᠥᠪᠥᠷ ᠮᠣᠩᠭᠤᠯ ᠤᠨ ᠨᠤᠳᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠡᠯ᠎ᠠ ᠮᠠᠯᠵᠢᠬᠤ ᠠᠰᠠᠭᠤᠳᠠᠯ ᠢ | ᠰᠢᠢᠳᠪᠦᠷᠢᠯᠡᠬᠦ 17 ᠲᠤᠷᠰᠢᠯᠲᠠ ᠶᠢᠨ ᠬᠤᠰᠢᠭᠤ ᠰᠢᠶᠠᠨ ᠤ ᠨᠢᠭᠡ ᠪᠣᠯᠤᠭᠰᠠᠨ ᠤ ᠬᠤᠪᠢ ᠳᠤ᠂ ᠵᠠᠯᠠᠶᠢᠳ ᠬᠤᠰᠢᠭᠤ | ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠬᠠᠰᠢᠶᠠᠯᠠᠨ | ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠬᠦ ᠵᠢᠴᠢ ︽ᠪᠡᠯᠴᠢᠭᠡᠷᠯᠡᠬᠦᠯᠬᠦ + ᠲᠡᠵᠢᠭᠡᠯ ᠪᠤᠷᠳᠤᠭ᠎ᠠ ᠨᠦᠬᠦᠪᠦᠷᠢᠯᠡᠬᠦ︾ | ᠵᠡᠷᠭᠡ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ︽ᠺᠣᠮᠫᠠᠨᠢ + ᠲᠣᠰᠬᠤᠨ ᠤ | ᠬᠠᠮᠲᠤ ᠨᠡᠶᠢᠳᠡ + ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾ ᠶᠢᠨ ᠠᠰᠢᠭ ᠲᠤᠰᠠ ᠶᠢ ᠬᠤᠯᠪᠣᠬᠤ | ᠲᠣᠭᠲᠠᠴᠠ ᠲᠠᠢ ᠤᠶᠠᠯᠳᠤᠭᠤᠯᠤᠨ᠂ ︽ᠨᠢᠭᠡᠳᠦᠯᠲᠡᠶ ᠲᠡᠵᠢᠭᠡᠵᠦ ᠬᠠᠮᠲᠤᠪᠠᠷ ᠪᠠᠶᠠᠵᠢᠬᠤ︾ ᠶᠢ ᠪᠡᠶᠡᠯᠡᠭᠦᠯᠪᠡ᠃ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠡᠯ᠎ᠠ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ︽ | ᠡᠪᠡᠰᠦᠨ ᠤ ᠢᠷᠡᠯᠲᠡ︾ ᠶᠢ ᠰᠢᠢᠳᠪᠦᠷᠢᠯᠡᠬᠦ ᠪᠣᠯ ᠪᠠᠰᠠ ᠴᠤ ᠮᠠᠰᠢ ᠵᠠᠩᠭᠢᠯᠠᠭ᠎ᠠ ᠪᠣᠯᠬᠤ ᠶᠤᠮ᠃ ᠬᠢᠩᠭᠠᠨ ᠠᠶᠢᠮᠠᠭ | ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠬᠥᠮᠦᠨ | ᠪᠦᠷᠢ ᠳᠤ ᠳᠤᠮᠳᠠᠴᠢ ᠪᠠᠷ ᠨᠣᠭᠳᠠᠬᠤ ᠨᠤᠳᠤᠭ ᠪᠡᠯᠴᠢᠭᠡᠷ ᠤᠨ ᠲᠠᠯᠠᠪᠠᠶ ᠨᠡᠯᠢᠶᠡᠳ ᠪᠠᠭ᠎ᠠ ᠮᠠᠯᠵᠢᠬᠤ ᠡᠷᠦᠬᠡ ᠶᠢᠨ | ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠬᠤ ᠶᠢ ᠵᠣᠷᠢᠭᠵᠢᠭᠤᠯᠵᠤ᠂ ᠮᠠᠯᠵᠢᠬᠤ ᠡᠷᠦᠬᠡ ᠶᠢᠨ ᠰᠠᠶᠢᠨ ᠳᠤᠷ᠎ᠠ ᠶᠢᠨ | ᠵᠠᠷᠴᠢᠮ ᠶᠣᠰᠣᠭᠠᠷ᠂ ᠨᠤᠲᠤᠭ ᠪᠡᠯᠴᠢᠭᠡᠷ ᠢᠶᠠᠷ ᠬᠤᠪᠢ ᠣᠷᠣᠭᠤᠯᠬᠤ ᠪᠠᠷ ᠳᠠᠮᠵᠢᠭᠤᠯᠤᠨ᠂ ᠲᠥᠪᠯᠡᠷᠡᠭᠦᠯᠦᠨ | ᠳᠠᠭᠠᠭᠠᠴᠢᠯᠠᠨ ᠡᠵᠡᠩᠨᠡᠨ ᠬᠠᠮᠢᠶᠠᠷᠬᠤ ᠵᠠᠭᠪᠤᠷ ᠢ ᠡᠭᠦᠳᠴᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠵᠦ᠂ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠡᠯ᠎ᠠ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ | ᠠᠮᠢ ᠠᠬᠤᠶ ᠶᠢᠨ ᠬᠠᠮᠠᠭᠠᠯᠠᠯᠲᠠ ᠪᠠ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠤᠨ ᠬᠤᠶᠠᠷ ᠲᠠᠯ᠎ᠠ ᠪᠠᠷ ᠢᠶᠠᠨ | ᠠᠰᠢᠭ ᠭᠥᠷᠳᠡᠬᠦ ᠶᠢ ᠪᠡᠶᠡᠯᠡᠭᠦᠯᠵᠡᠢ᠃ | ᠵᠠᠯᠠᠶᠢᠳ ᠬᠤᠰᠢᠭᠤᠨ ᠤ ᠪᠤᠯᠭᠠᠨᠬᠤᠸᠠ ᠰᠤᠮᠥ ᠶᠢᠨ ᠪᠤᠯᠭᠠᠨᠬᠤᠸᠠ ᠭᠠᠴᠠᠭ᠎ᠠ ᠶᠢᠨ ᠠᠷᠠᠳ ᠢᠦᠢ ᠯᠢᠩ | ᠯᠢᠩ᠄ ︽ᠪᠢ ᠨᠢᠳᠤᠨᠤᠨ 8 ᠮᠦ ᠪᠡᠯᠴᠢᠭᠡᠷ ᠢᠶᠠᠷ ᠢᠶᠠᠨ ᠭᠠᠵᠠᠷ ᠰᠢᠷᠦᠢ ᠶᠢᠨ ᠬᠤᠷᠰᠢᠶ᠎ᠠ ᠳᠤ ᠬᠤᠪᠢ ᠣᠷᠣᠵᠤ᠂ | 30 ᠪᠣᠭᠤᠵᠢ 800 ᠵᠢᠩ ᠰᠢᠬᠠᠮ ᠡᠪᠡᠰᠦ ᠪᠤᠷᠳᠤᠭ᠎ᠠ ᠬᠤᠪᠢᠶᠠᠨ ᠣᠯᠵᠠᠢ︾ ᠭᠡᠵᠦ ᠪᠠᠶᠠᠷᠯᠠᠨ ᠬᠡᠯᠡᠵᠦ ᠪᠠᠶᠢᠯ᠎ᠠ᠃ | ︽ᠨᠢᠳᠤᠨᠤᠨ ᠵᠢᠯ ᠤᠨ ᠰᠡᠭᠦᠯᠴᠢ ᠪᠠᠷ᠂ ᠮᠠᠨ ᠤ ᠭᠠᠴᠠᠭ᠎ᠠ 67 ᠡᠷᠦᠬᠡ ᠶᠢᠨ 258 ᠬᠥᠮᠦᠨ ᠢ ᠳᠠᠶᠢᠴᠢᠯᠠᠨ | 1016 ᠮᠦ ᠨᠤᠳᠤᠭ ᠪᠡᠯᠴᠢᠭᠡᠷ ᠢ ᠬᠤᠪᠢᠷᠠᠭᠤᠯᠵᠤ᠂ ᠬᠥᠮᠦᠨ ᠪᠦᠷᠢ ᠳᠤ ᠳᠤᠮᠳᠠᠴᠢ ᠪᠠᠷ 512 ᠵᠢᠩ ᠲᠡᠵᠢᠭᠡᠯ | ᠡᠪᠡᠰᠦ ᠬᠤᠪᠢᠶᠠᠨ ᠥᠭᠴᠦ᠂ ᠡᠷᠦᠬᠡ ᠪᠦᠷᠢ ᠶᠢᠨ ᠳᠤᠮᠳᠠᠴᠢ ᠠᠰᠢᠭ ᠣᠷᠣᠯᠭ᠎ᠠ ᠨᠢ 1380 ᠭᠠᠷᠤᠢ | ᠲᠥᠭᠦᠷᠢᠭ ᠲᠤ ᠬᠦᠷᠴᠡᠢ︾ ᠭᠡᠵᠦ ᠪᠤᠯᠭᠠᠨᠬᠤᠸᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠴᠧᠨ ᠶᠦᠩ ᠯᠤ᠋ | ᠳᠠᠨᠢᠯᠴᠠᠭᠤᠯᠵᠦ ᠪᠠᠶᠢᠯ᠎ᠠ᠃ | ᠨᠤᠳᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠴᠠ ᠤᠬᠠᠮᠰᠠᠷ ᠠᠴᠠ ᠪᠠᠨ | ᠬᠠᠮᠠᠭᠠᠯᠠᠬᠤ ᠬᠦᠷᠲᠡᠯ᠎ᠡ᠂ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠠᠴᠠ ᠤᠶᠤᠨᠴᠢᠯᠠᠭᠰᠠᠨ | ᠬᠢᠨᠠᠨ ᠬᠠᠮᠢᠶᠠᠷᠤᠯᠲᠠ ᠬᠦᠷᠲᠡᠯ᠎ᠡ᠂ ᠨᠢᠭᠡᠳᠦᠯᠲᠡᠢ ᠲᠡᠵᠢᠭᠡᠵᠦ ᠬᠠᠮᠲᠤᠪᠠᠷ ᠪᠠᠶᠠᠵᠢᠭᠤᠯᠬᠤ ᠠᠴᠠ ︽ᠭᠤᠷᠪᠠ ᠶᠢ | ᠬᠤᠪᠢᠷᠠᠭᠤᠯᠬᠤ ᠥᠭᠡᠷᠡᠴᠢᠯᠡᠯᠲᠡ︾ ᠵᠡᠷᠭᠡ ᠬᠢᠩᠭᠠᠨ ᠠᠶᠢᠮᠠᠭ ᠤᠨ 18 ᠲᠥᠷᠥᠯ ᠤᠨ ᠠᠷᠭ᠎ᠠ ᠬᠡᠮᠵᠢᠶ᠎ᠠ ᠨᠢ ᠨᠤᠲᠤᠭ | ᠪᠡᠯᠴᠢᠭᠡᠷ ᠤᠨ ᠵᠠᠰᠠᠯᠲᠠ ᠶᠢᠨ ᠰᠢᠰᠲ᠋ᠧᠮ ᠢ ᠲᠠᠬᠢᠨ ᠪᠠᠶᠢᠭᠤᠯᠵᠤ ᠪᠤᠢ᠃ ᠪᠦᠷᠢᠳᠭᠡᠯ ᠢ ᠦᠨᠳᠦᠰᠦᠯᠡᠪᠡᠯ᠂ 2024 | ᠣᠨ ᠳᠤ ᠬᠢᠩᠭᠠᠨ ᠠᠶᠢᠮᠠᠭ ᠤᠨ ᠪᠠᠶᠢᠭᠠᠯᠢ ᠶᠢᠨ ᠨᠤᠲᠤᠭ ᠪᠡᠯᠴᠢᠭᠡᠷ ᠤᠨ ᠳᠤᠮᠳᠠᠴᠢ ᠪᠦᠷᠬᠦᠴᠡ ᠶᠢᠨ ᠨᠤᠷᠮ᠎ᠠ 74. | 51% ᠳᠤ ᠬᠦᠷᠴᠦ᠂ ᠨᠤᠲᠤᠭ ᠪᠡᠯᠴᠢᠭᠡᠷ ᠤᠨ ᠳᠤᠮᠳᠠᠴᠢ ᠰᠡᠷᠭᠦᠭᠡᠯᠳᠡ ᠶᠢᠨ ᠬᠡᠮᠵᠢᠶ᠎ᠡ 23 ᠰᠠᠨᠲ᠋ᠢᠮᠧᠲᠷ ᠢ | ᠳᠠᠪᠠᠵᠤ᠂ ᠮᠥ ᠪᠦᠷᠢ ᠶᠢᠨ ᠡᠪᠡᠰᠦᠨ ᠤ ᠤᠨᠠᠯᠲᠠ 75 ᠺᠢᠯᠣᠭ᠍ᠷᠠᠮ ᠳᠤ ᠬᠦᠷᠴᠡᠶ᠃ ᠬᠢᠩᠭᠠᠨ ᠠᠶᠢᠮᠠᠭ ᠤᠨ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠳᠦᠷᠡᠳᠡᠯ᠎ᠠ ᠮᠠᠯᠵᠢᠬᠤ ᠶᠢ ᠰᠢᠢᠳᠪᠦᠷᠢᠯᠡᠬᠦ ᠠᠵᠢᠯᠯᠠᠭ᠎ᠠ ᠨᠢ ᠨᠤᠲᠤᠭ ᠪᠡᠯᠴᠢᠭᠡᠷ ᠤᠨ | ᠰᠡᠷᠭᠦᠭᠡᠯᠳᠡ ᠶᠢ ᠦᠷᠭᠦᠯᠵᠢᠯᠡᠨ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠡᠬᠢ ᠡᠭᠦᠰᠦᠯ ᠠᠴᠠ ᠨᠢ | ᠬᠠᠮᠠᠭᠠᠯᠠᠨ ᠲᠡᠩᠴᠡᠭᠦᠷᠢᠲᠡᠢ ᠪᠠᠶᠢᠯᠭᠠᠬᠤ ᠪᠠᠷ ᠪᠠᠷᠠᠬᠤ ᠦᠭᠡᠢ ᠪᠠᠰᠠ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠴᠢᠨᠠᠭᠰᠢᠳᠠ ᠲᠦᠷᠭᠡᠳᠭᠡᠵᠡᠢ᠃ | ︽ᠡᠨᠡ ᠵᠢᠯ ᠬᠢᠩᠭᠠᠨ ᠠᠶᠢᠮᠠᠭ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ | ᠲᠠᠰᠤᠷᠠᠯᠲᠠ ᠥᠬᠡᠶ ᠴᠢᠩᠭᠠᠳᠬᠠᠵᠤ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠤᠬᠠᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠶ ᠶᠢᠨ | ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ | ᠵᠡᠷᠭᠡ 3 ᠲᠠᠯ᠎ᠠ ᠳᠤ ᠰᠢᠨ᠎ᠡ ᠦᠷ᠎ᠡ ᠪᠦᠲᠦᠭᠡᠯ ᠪᠠ ᠠᠬᠢᠴᠠ ᠲᠠᠢ ᠪᠣᠯᠭᠠᠨ᠎ᠠ︾ ᠭᠡᠵᠦ ᠬᠢᠩᠭᠠᠨ ᠠᠶᠢᠮᠠᠭ ᠤᠨ ᠤᠢ | ᠰᠢᠭᠤᠢ ᠪᠠ ᠨᠤᠳᠤᠭ ᠪᠡᠯᠴᠢᠭᠡᠷ ᠤᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠾᠧ ᠶᠦᠨ ᠹᠧᠩ ᠬᠡᠯᠡᠪᠡ᠃ | | | | |