ᠬᠢᠩᠭᠠᠨ ᠠᠶᠢᠮᠠᠭ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢ ᠠᠩᠬ᠎ᠠ ᠤᠳᠠᠭ᠎ᠠ ᠬᠠᠨᠳᠤᠯᠭ᠎ᠠ ᠲᠠᠢ ᠪᠠᠷ ᠨᠡᠶᠢᠳᠡᠯᠡᠪᠡ
ᠨᠡᠶᠢᠲᠡᠯᠡᠭᠰᠡᠨ ᠴᠠᠭ᠄
2025/3/27
        ᠥᠢᠷ᠎ᠠ ᠳᠤ᠂ ᠬᠢᠩᠭᠠᠨ ᠠᠶᠢᠮᠠᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠳᠤᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢ ᠬᠠᠨᠳᠤᠯᠭ᠎ᠠ ᠲᠠᠢ ᠪᠠᠷ ᠨᠡᠶᠢᠲᠡᠯᠡᠬᠦ ᠠᠵᠢᠯᠯᠠᠭ᠎ᠠ ᠥᠷᠨᠢᠭᠦᠯᠵᠦ᠂ ᠠᠩᠬ᠎ᠠ ᠤᠳᠠᠭ᠎ᠠ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠣᠳᠣᠷᠬᠠᠶᠢᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢ ᠨᠡᠶᠢᠲᠡᠯᠡᠪᠡ᠃        ᠠᠵᠢᠯᠯᠠᠭ᠎ᠠ ᠳᠤ᠂ ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠤᠨ 2024 ᠣᠨ ᠤ ᠪᠥᠬᠦ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠪᠦᠬᠦᠯᠢ ᠴᠣᠭᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ᠂ ᠡᠪᠡᠳᠴᠢᠨ ᠤ ᠲᠥᠷᠥᠯ ᠵᠥᠢᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ ᠲᠣᠭᠲᠠᠴᠠ ᠶᠢᠨ ᠠᠵᠢᠯᠯᠠᠭᠠᠨ ᠤ ᠪᠠᠶᠢᠳᠠᠯ᠂ ᠰᠠᠭᠤᠷᠢ ᠮᠥᠩᠭᠦᠨ ᠤ ᠲᠤᠭ᠎ᠠ ᠪᠠᠷᠢᠮᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢ ᠨᠡᠶᠢᠲᠡᠯᠡᠵᠦ᠂ ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠢᠯᠡ ᠲᠣᠳᠣ ᠶᠢᠨ ᠬᠡᠮᠵᠢᠶ᠎ᠡ ᠪᠠ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃        2024 ᠣᠨ ᠳᠤ᠂ ᠬᠢᠩᠭᠠᠨ ᠠᠶᠢᠮᠠᠭ ᠤᠨ 135.11 ᠲᠦᠮᠡᠨ ᠬᠥᠮᠦᠨ ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ ᠨᠤᠷᠮ᠎ᠠ 97.6% ᠳᠤ ᠬᠦᠷᠴᠦ᠂ ᠪᠦᠬᠦ ᠵᠢᠯ ᠳᠤ 1054 ᠲᠦᠮᠡᠨ ᠭᠥᠮᠥᠨ ᠤᠳᠠᠭ᠎ᠠ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠳᠡᠪᠡ︔ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠲᠣᠰ ᠲᠣᠰ 2023 ᠣᠨ ᠤ 36% ᠪᠠ 31.3% ᠪᠠᠶᠢᠭᠰᠠᠨ ᠠᠴᠠ ᠪᠠᠨ 2024 ᠣᠨ ᠳᠤ 11.3% ᠪᠠ 1.3% ᠪᠣᠯᠵᠣ ᠪᠠᠭᠤᠷᠠᠪᠠ︔ ᠠᠶᠢᠮᠠᠭ ᠤᠨ ᠳᠣᠲᠣᠷᠠᠬᠢ ᠡᠮᠨᠡᠯᠭᠡ ᠳᠤ ᠰᠠᠭᠤᠭᠰᠠᠨ ᠤᠳᠠᠭ᠎ᠠ ᠪᠦᠷᠢ ᠶᠢᠨ ᠳᠤᠮᠳᠠᠴᠢ ᠡᠮᠴᠢᠯᠡᠭᠡᠨ ᠤ ᠵᠠᠷᠤᠳᠠᠯ ᠢ 2023 ᠣᠨ ᠳᠤ 7018 ᠲᠥᠭᠦᠷᠢᠭ ᠪᠠᠶᠢᠭᠰᠠᠨ ᠠᠴᠠ 6313 ᠲᠥᠭᠦᠷᠢᠭ ᠪᠣᠯᠭᠠᠨ ᠪᠠᠭᠤᠷᠠᠭᠤᠯᠵᠠᠢ︔ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠬᠥᠮᠦᠨ ᠤ ᠲᠤᠭ᠎ᠠ 35.4% ᠪᠠᠷ ᠨᠡᠮᠡᠭᠳᠡᠪᠡ︔ ᠪᠥᠬᠦ ᠠᠶᠢᠮᠠᠭ ᠤᠨ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠦᠭᠰᠡᠨ 119 ᠡᠮᠴᠢᠯᠡᠭᠡᠨ ᠤ ᠪᠠᠶᠢᠭᠤᠯᠤᠮᠵᠢ ᠶᠢ ᠴᠥᠮ ᠡᠪᠡᠳᠴᠢᠨ ᠤ ᠲᠥᠷᠥᠯ ᠵᠥᠢᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ ᠬᠡᠪᠴᠢᠶᠡᠨ ᠳᠤ ᠣᠷᠣᠭᠤᠯᠪᠠ︔ 1011 ᠲᠥᠷᠥᠯ ᠤᠨ ᠡᠮ ᠤᠨ ᠵᠦᠢᠯ᠂ 65 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠤᠮᠳᠠᠴᠢ ᠪᠠᠭᠤᠷᠠᠯᠲᠠ ᠶᠢᠨ ᠬᠡᠮᠵᠢᠶ᠎ᠡ 62.9% ᠳᠤ ᠬᠦᠷᠴᠦ᠂ ᠪᠥᠬᠦ ᠵᠢᠯ ᠳᠤ ᠪᠠᠷᠤᠭ 2.26 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠠᠷᠪᠢᠯᠠᠪᠠ︔ 832 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠤ᠂ ᠪᠦᠷᠬᠦᠴᠡ ᠶᠢᠨ ᠨᠣᠷᠮ᠎ᠠ ᠨᠢ 98% ᠳᠤ ᠬᠥᠷᠪᠡ︔ 130.1 ᠲᠦᠮᠡᠨ ᠬᠥᠮᠦᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠨᠡᠭᠡᠬᠡᠵᠦ᠂ ᠣᠷᠣᠨ ᠤ ᠳᠣᠲᠣᠷᠠᠬᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ᠂ ᠦᠷᠡᠵᠢᠯ ᠤᠨ ᠨᠦᠬᠦᠪᠦᠷᠢ ᠮᠥᠩᠭᠦ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠤᠨ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠪᠡ᠃        ᠬᠢᠩᠭᠠᠨ ᠠᠶᠢᠮᠠᠭ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠳᠤᠪᠴᠢᠶ᠎ᠠ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠠᠭᠤᠷᠢ ᠮᠥᠩᠭᠦᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠪᠠᠶᠢᠴᠠᠭᠠᠯᠲᠠ᠂ ᠲᠤᠰᠬᠠᠢ ᠪᠠᠶᠢᠴᠠᠭᠠᠯᠲᠠ᠂ ᠡᠳᠦᠷ ᠲᠤᠳᠤᠮ ᠤᠨ ᠬᠢᠨᠠᠨ ᠬᠠᠮᠢᠶᠠᠷᠤᠯᠲᠠ᠂ ᠬᠠᠤᠯᠢ ᠶᠣᠰᠣᠭᠠᠷ ᠬᠢᠨᠠᠯᠲᠠ ᠲᠠᠯᠪᠢᠬᠤ᠂ ᠰᠠᠯᠠᠭ᠎ᠠ ᠮᠥᠴᠢᠷ ᠬᠠᠮᠵᠢᠯᠴᠠᠬᠤ᠂ ᠴᠢᠳᠠᠪᠤᠷᠢ ᠶᠢ ᠳᠡᠭᠡᠭᠰᠢᠯᠡᠭᠦᠯᠬᠦ ︽ᠵᠢᠷᠭᠤᠭᠠᠨ ᠶᠡᠭᠡ ᠰᠢᠰᠲ᠋ᠧᠮ︾ ᠢ ᠪᠠᠶᠢᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠰᠠᠭᠤᠷᠢ ᠶᠢ ᠪᠠᠬᠢᠵᠢᠭᠦᠯᠵᠦ᠂ ︽ᠨᠢᠭᠡ ᠬᠥᠮᠦᠨ ᠨᠢᠭᠡ ᠲᠠᠩᠰᠠ ᠡᠪᠬᠡᠮᠡᠯ︾ ᠤᠨ ᠳᠠᠭᠠᠳᠬᠠᠯ ᠳᠤ ᠣᠷᠣᠯᠴᠠᠬᠤ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠤᠨ᠂ ᠣᠯᠠᠨ ᠡᠰᠢᠵᠢᠭᠰᠡᠨ ᠤᠬᠠᠭᠤᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮᠵᠢᠯᠴᠠᠨ ᠬᠥᠭᠵᠢᠬᠦ ᠳᠤᠭᠳᠠᠴᠠ ᠶᠢ ᠠᠬᠢᠭᠤᠯᠵᠤ᠂ ︽1+3+N︾ ᠤᠯᠠᠨ ᠲᠡᠰ ᠳᠠᠪᠬᠤᠷᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠤᠯᠠᠨ ᠲᠦᠮᠡᠨ ᠤ ᠪᠠᠲᠤᠯᠠᠭ᠎ᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ︽ᠡᠪᠡᠳᠴᠢᠨ ᠤ ᠲᠥᠷᠥᠯ ᠵᠥᠢᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ︾ ᠪᠠ ︽ᠡᠮᠴᠢᠯᠡᠭᠡᠨ ᠤ ᠬᠠᠮᠲᠤ ᠶᠢᠨ ᠴᠣᠭᠴᠠ ᠶᠢ ᠳᠠᠭᠠᠭᠠᠨ ᠠᠪᠴᠤ ᠳᠥᠯᠥᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠬᠢᠭᠡᠳ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ ᠡᠵᠡᠮᠳᠡᠵᠦ᠂ ᠡᠮᠴᠢᠯᠡᠭᠡᠨ ᠤ ᠳᠠᠭᠠᠳᠬᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠠᠷ ᠴᠢᠷᠮᠠᠶᠢᠬᠤ ᠪᠤᠯᠤᠨ᠎ᠠ᠃ ︵ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号