| ᠠᠵᠢᠯ ᠤᠯᠭᠤᠬᠤ ᠠᠵᠢᠯᠯᠠᠭ᠎ᠠ ᠶᠢ ᠪᠠᠳᠤᠳᠠᠢ ᠠᠬᠢᠭᠤᠯᠤᠨ᠂ ︽ᠠᠵᠢᠯ ᠪᠠᠶᠢᠬᠤ ᠳᠤ ᠬᠢᠬᠦ ᠠᠵᠢᠯᠳᠡᠨ | ᠦᠭᠡᠢ︾ ︽ᠠᠵᠢᠯᠳᠡᠨ ᠪᠠᠶᠢᠭᠠᠳ ᠬᠢᠬᠦ ᠠᠵᠢᠯ ᠦᠭᠡᠢ︾ ᠬᠦᠴᠢᠷ ᠠᠰᠠᠭᠤᠳᠠᠯ ᠢ ᠦᠨᠡᠨ ᠬᠦ ᠰᠠᠶᠢᠳᠤᠷ | ᠰᠶᠢᠳᠪᠤᠷᠢᠯᠡᠬᠦ ᠪᠠᠷ᠂ ᠤᠶᠢᠷ᠎ᠠ ᠶᠢᠨ ᠬᠡᠳᠤᠨ ᠡᠳᠤᠷ᠂ ᠬᠢᠩᠭᠠᠨ ᠠᠶᠢᠮᠠᠭ ᠪᠠ ᠤᠯᠠᠭᠠᠨᠬᠤᠳᠠ ᠶᠢᠨ ᠬᠤᠶᠠᠷ ᠱᠠᠳᠤᠨ ᠤ | ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ᠂ ᠠᠵᠢᠯ ᠤᠯᠭᠤᠬᠤ | ᠦᠢᠯᠡᠴᠢᠯᠡᠭᠡᠨ ᠤ ᠲᠦᠪ ᠠᠴᠠ ᠪᠦᠷᠢᠯᠳᠥᠭᠰᠡᠨ ᠰᠠᠶᠢᠨ ᠲᠤᠷᠠᠴᠤᠤᠯ ᠦᠨᠳᠤᠰᠤᠨ ᠱᠠᠳᠤᠨ ᠳᠤ ᠬᠦᠷᠴᠤ | ᠦᠢᠯᠡᠴᠢᠯᠡᠬᠦ ᠪᠠᠷ ᠲᠠᠮᠵᠢᠨ ᠠᠵᠤ ᠠᠬᠤᠶᠢᠯᠠᠯ ᠪᠠ ᠠᠵᠢᠯᠳᠠᠨ ᠬᠡᠷᠡᠭᠯᠡᠬᠦ ᠨᠢᠭᠡᠴᠢ ᠶᠢᠨ ᠱᠠᠭᠠᠷᠳᠠᠯᠭ᠎ᠠ ᠲᠠᠢ ᠰᠠᠶᠢᠨ | ᠲᠤᠷ᠎ᠠ ᠠᠴᠠ ᠪᠠᠨ ᠵᠤᠯᠭᠠᠯᠴᠠᠭᠤᠯᠵᠤ᠂ ᠲᠦᠷᠥ ᠶᠢᠨ ᠪᠤᠳᠤᠯᠭ᠎ᠠ ᠬᠦᠷᠭᠡᠬᠦ᠂ ᠬᠦᠴᠢᠷ ᠠᠰᠠᠭᠤᠳᠠᠯ ᠢ ᠰᠶᠢᠳᠪᠤᠷᠢᠯᠡᠬᠦ᠂ | ᠦᠢᠯᠡᠴᠢᠯᠡᠭᠡ ᠪᠠᠨ ᠰᠢᠯᠢᠳᠡᠭᠵᠢᠬᠦᠯᠬᠦ ᠠᠷᠭ᠎ᠠ ᠠᠪᠴᠠᠯ ᠢᠶᠠᠷ ︽ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ | ᠤᠨᠤᠴᠠᠳᠠᠢ ᠪᠠᠷ ᠲᠦᠷᠥ ᠶᠢᠨ ᠪᠤᠳᠤᠯᠭ᠎ᠠ ᠬᠡᠷᠡᠭᠵᠢᠬᠦᠯᠬᠦ ᠪᠠᠷ ᠠᠳᠬᠤᠴᠠ ᠪᠤᠯᠭᠠᠬᠤ᠂ ᠤᠷᠳᠤ ᠬᠤᠭᠤᠴᠠᠭ᠎ᠠ ᠪᠠᠷ | ᠮᠦᠷᠳᠡᠨ ᠲᠠᠭᠠᠬᠤ ᠪᠠᠷ ᠪᠠᠳᠤᠯᠠᠭ᠎ᠠ ᠪᠤᠯᠭᠠᠬᠤ︾ ᠪᠦᠬᠦ ᠬᠡᠯᠬᠢᠶᠡᠨ ᠤ ᠦᠢᠯᠡᠴᠢᠯᠡᠭᠡ ᠶᠢᠨ ᠬᠡᠯᠪᠡᠷᠢ ᠶᠢ ᠪᠦᠬᠦ | ᠬᠦᠴᠤᠨ ᠢᠶᠠᠷ ᠡᠬᠦᠳᠤᠨ᠂ ︽ᠠᠵᠢᠯ ᠤᠯᠭᠤᠬᠤ ᠶᠢ ᠠᠬᠢᠭᠤᠯᠬᠤ ᠠᠵᠢᠯᠯᠠᠭ᠎ᠠ︾ ᠶᠢᠨ ᠦᠢᠯᠡᠴᠢᠯᠡᠭᠡᠨ ᠤ ᠲᠠᠩᠰᠠ ᠶᠢ | ᠤᠨᠤᠴᠠᠳᠠᠢ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠠᠵᠤ ᠠᠬᠤᠶᠢᠯᠠᠯ ᠤᠨ ︽ᠠᠵᠢᠯᠳᠡᠨ ᠡᠯᠡᠰᠬᠦ ᠳᠤ ᠬᠦᠴᠢᠷ︾ ᠬᠡᠷᠡᠭᠴᠡᠭᠡ ᠱᠠᠭᠠᠷᠳᠠᠯᠭ᠎ᠠ ᠶᠢᠨ ᠬᠠᠷᠢᠭᠤ | ᠲᠤᠰᠬᠠᠭᠰᠠᠨ ᠰᠤᠷᠠᠭ ᠵᠠᠩᠬᠢ ᠶᠢ ᠬᠦᠯᠢᠶᠡᠨ ᠠᠪᠤᠭᠰᠠᠨ ᠤ ᠲᠠᠷᠠᠭ᠎ᠠ᠂ ᠠᠶᠢᠮᠠᠭ ᠤᠨ ᠬᠦᠮᠤᠨ ᠤ ᠬᠦᠴᠤᠨ ᠤ ᠡᠬᠢ | ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ ᠠᠵᠢᠯ ᠤᠯᠬᠤ ᠶᠢ ᠠᠬᠢᠭᠤᠯᠬᠤ ᠠᠵᠢᠯᠯᠠᠭᠠᠨ ᠤ | ᠪᠠᠴᠢᠮ ᠪᠠᠶᠢᠳᠠᠯ ᠢ ᠠᠷᠭᠠᠴᠠᠭᠠᠬᠤ ᠲᠤᠭᠳᠠᠴᠠ ᠶᠢ ᠲᠠᠷᠤᠢ ᠲᠦᠷᠭᠡᠨ ᠡᠬᠢᠯᠡᠬᠦᠯᠵᠤ᠂ ᠰᠠᠶᠢᠨ ᠲᠤᠷᠠᠴᠤᠤᠯ ᠠᠴᠠ | ᠤᠷᠢᠳ ᠬᠤᠵᠢᠳ ᠦᠪᠤᠷ ᠮᠤᠩᠭᠤᠯ ᠤᠨ ᠺᠧ ᠴᠢᠨ ᠸᠠᠨ ᠵᠢᠶᠠ ᠬᠢᠵᠠᠭᠠᠷᠳᠤ ᠺᠤᠮᠫᠠᠨᠢ᠂ ᠬᠢᠩᠭᠠᠨ ᠠᠶᠢᠮᠠᠭ ᠤᠨ | ᠵᠢᠶᠠ ᠾᠧ ᠵᠶᠢ ᠬᠡᠳᠤ ᠲᠡᠯᠭᠡᠬᠦᠷ ᠤᠨ ᠬᠤᠯᠪᠤᠭᠠᠳᠤ ᠬᠠᠮᠢᠶᠠᠷᠤᠯᠳᠠ ᠶᠢᠨ ᠬᠢᠵᠠᠭᠠᠷᠳᠤ ᠺᠤᠮᠫᠠᠨᠢ ᠳᠤ ᠠᠵᠤ | ᠠᠬᠤᠶᠢᠯᠠᠯ ᠤᠨ ᠬᠦᠭᠵᠢᠯᠳᠠ ᠶᠢᠨ ᠲᠦᠯᠤᠪᠯᠡᠭᠡ᠂ ᠦᠢᠯᠡᠳᠪᠤᠷᠢᠯᠡᠯ ᠡᠵᠡᠩᠨᠡᠯᠳᠠ᠂ ᠦᠢᠯᠡᠳᠬᠦᠨ ᠤ ᠰᠤᠳᠤᠯᠤᠨ | ᠨᠡᠭᠡᠭᠡᠯᠳᠠ ᠵᠡᠷᠭᠡ ᠪᠠᠶᠢᠳᠠᠯ ᠢ ᠨᠠᠷᠢᠨ ᠨᠢᠭᠳᠠ ᠤᠶᠢᠯᠠᠭᠠᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠪᠠ | ᠲᠤᠯᠭᠠᠷᠠᠭᠰᠠᠨ ᠬᠦᠴᠢᠷᠳᠠᠯ ᠢ ᠨᠢ ᠰᠤᠨᠤᠰᠤᠭᠰᠠᠨ ᠤ ᠬᠠᠮᠳᠤ ᠠᠵᠤ ᠠᠬᠤᠶᠢᠯᠠᠯ ᠤᠨ ᠠᠵᠢᠯᠳᠠᠨ ᠡᠯᠰᠡᠬᠦ᠂ | ᠴᠢᠳᠠᠪᠤᠷᠢᠳᠠᠨ ᠢ ᠲᠠᠳᠠᠨ ᠤᠷᠤᠭᠤᠯᠵᠤ ᠬᠦᠮᠤᠵᠢᠬᠦᠯᠬᠦ᠂ ᠠᠵᠢᠯ ᠤᠯᠭᠤᠬᠤ ᠲᠦᠷᠥ ᠶᠢᠨ ᠪᠤᠳᠤᠯᠭ᠎ᠠ᠂ | ᠬᠦᠳᠡᠯᠮᠤᠷᠢ ᠶᠢᠨ ᠬᠠᠷᠢᠴᠠᠭ᠎ᠠ ᠵᠡᠷᠭᠡ ᠲᠠᠯ᠎ᠠ ᠶᠢᠨ ᠠᠭᠤᠯᠭ᠎ᠠ ᠪᠠᠷ ᠬᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ | ᠬᠦᠭᠵᠢᠯᠳᠠ ᠶᠢ ᠠᠬᠢᠭᠤᠯᠬᠤ ᠰᠢᠨ᠎ᠠ ᠠᠷᠭ᠎ᠠ ᠵᠠᠮ ᠢ ᠬᠠᠮᠳᠤᠪᠠᠷ ᠰᠦᠪᠡᠭᠴᠢᠯᠡᠵᠠᠢ᠃ | ᠠᠵᠤ ᠠᠬᠤᠶᠢᠯᠠᠯ ᠤᠨ ᠲᠤᠷᠠᠳᠤᠭᠰᠠᠨ ᠠᠵᠢᠯᠳᠠᠨ ᠡᠯᠰᠡᠬᠦ᠂ ᠴᠢᠳᠠᠪᠤᠷᠢᠳᠠᠨ ᠢ ᠲᠠᠳᠠᠨ ᠤᠷᠤᠭᠤᠯᠵᠤ | ᠬᠦᠮᠤᠵᠢᠬᠦᠯᠬᠦ᠂ ᠠᠵᠢᠯ ᠤᠯᠬᠤ ᠲᠦᠷᠥ ᠶᠢᠨ ᠪᠤᠳᠤᠯᠭ᠎ᠠ ᠵᠡᠷᠭᠡ ᠠᠰᠠᠭᠤᠳᠠᠯ ᠳᠤ ᠰᠠᠶᠢᠨ ᠲᠤᠷᠠᠴᠤᠤᠯ ᠠᠴᠠ | ᠲᠤᠬᠠᠢ ᠶᠢᠨ ᠲᠠᠯᠠᠪᠠᠢ ᠳᠤ ᠨᠠᠷᠢᠨ ᠨᠢᠭᠳᠠ ᠲᠠᠶᠢᠯᠪᠤᠷᠢᠯᠠᠭᠰᠠᠨ ᠤ ᠬᠠᠮᠳᠤ ︽ᠠᠵᠢᠯ ᠪᠠᠶᠢᠭᠠᠳ ᠬᠢᠬᠦ ᠠᠵᠢᠯᠳᠡᠨ | ᠦᠭᠡᠢ︾ ︽ᠠᠵᠢᠯᠳᠡᠨ ᠪᠠᠶᠢᠭᠠᠳ ᠬᠢᠬᠦ ᠠᠵᠢᠯ ᠦᠭᠡᠢ︾ ᠠᠰᠠᠭᠤᠳᠠᠯ ᠤᠨ ᠲᠤᠭᠤᠷᠢᠨ ᠳᠤ ᠦᠢᠯᠡᠴᠢᠯᠡᠭᠡᠨ ᠤ | ᠠᠷᠭ᠎ᠠ ᠠᠪᠴᠠᠯ ᠢᠶᠠᠨ ᠨᠠᠷᠢᠯᠢᠭᠵᠢᠭᠤᠯᠪᠠ᠃ ᠡᠬᠦᠨ ᠳᠤ᠂ ︽ᠠᠵᠤ ᠠᠬᠤᠶᠢᠯᠠᠯ ᠳᠤ ᠬᠦᠨᠵᠡᠭᠡᠶᠢᠷᠡᠨ ᠠᠵᠢᠯ ᠤᠨ | ᠪᠠᠶᠢᠷᠢ ᠶᠢᠨ ᠪᠠᠶᠢᠳᠠᠯ ᠢ ᠤᠶᠢᠯᠠᠭᠠᠬᠤ︾ ᠲᠤᠰᠬᠠᠢ ᠲᠦᠷᠤᠯ ᠤᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠤᠨ᠂ | ᠠᠵᠤ ᠠᠬᠤᠶᠢᠯᠠᠯ ᠢ ᠤᠷᠢᠬᠤ ᠠᠵᠢᠯᠳᠠᠨ ᠲᠠᠢ ᠪᠤᠯᠭᠠᠨ᠎ᠠ᠃ ᠦᠷᠬᠦᠯᠵᠢᠯᠠᠨ ︽ᠮᠢᠩᠭᠠᠨ ᠲᠠᠯᠠᠪᠠᠢ︾ ᠠᠵᠢᠯᠳᠠᠨ | ᠤᠷᠢᠬᠤ ᠠᠵᠢᠯᠯᠠᠭ᠎ᠠ ᠶᠢ ᠦᠷᠨᠢᠬᠦᠯᠤᠨ᠂ ᠠᠵᠢᠯ ᠡᠷᠢᠭᠰᠡᠳ ᠲᠤ ᠠᠵᠢᠯ ᠤᠨ ᠪᠠᠶᠢᠷᠢ ᠬᠠᠩᠭᠠᠨ᠎ᠠ᠃ ︽ᠬᠦᠳᠡᠭᠡ | ᠲᠤᠰᠬᠤᠨ ᠤ ᠠᠵᠢᠯ ᠤᠨ ᠪᠠᠶᠢᠷᠢ ᠬᠦᠷᠭᠡᠬᠦ︾ ᠠᠵᠢᠯ ᠤᠯᠭᠤᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ | ᠬᠦᠯᠤᠰᠤᠨ ᠠᠵᠢᠯᠴᠢᠨ ᠳᠤ ᠰᠤᠩᠭᠤᠬᠤ ︽ᠠᠵᠢᠯ︾ ᠲᠠᠢ ᠪᠤᠯᠭᠠᠨ᠎ᠠ᠃ ︽ᠴᠡᠭ ᠠᠴᠠ ᠴᠡᠭ︾ ᠲᠤ ᠬᠦᠳᠡᠯᠮᠤᠷᠢ | ᠬᠦᠴᠤᠨ ᠢ ᠭᠠᠳᠠᠭᠰᠢ ᠭᠠᠷᠭᠠᠬᠤ ᠵᠤᠯᠭᠠᠯᠳᠠ ᠶᠢᠨ ᠠᠵᠢᠯᠯᠠᠭ᠎ᠠ ᠶᠢ ᠲᠤᠭᠳᠠᠭᠤᠨ ᠢᠶᠠᠷ ᠦᠷᠨᠢᠬᠦᠯᠵᠤ᠂ ᠨᠡᠩ ᠤᠯᠠᠨ | ᠬᠦᠳᠡᠯᠮᠤᠷᠢᠴᠢᠨ ᠳᠤ ᠤᠴᠢᠬᠤ ᠭᠠᠵᠠᠷ ᠲᠠᠢ ᠪᠤᠯᠭᠠᠨ᠎ᠠ᠃ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠠᠵᠢᠯᠯᠠᠭ᠎ᠠ ᠶᠢ | ᠯᠠᠪᠳᠠᠭᠤᠨ ᠢᠶᠠᠷ ᠦᠷᠨᠢᠬᠦᠯᠵᠤ᠂ ᠬᠦᠳᠡᠯᠮᠤᠷᠢᠴᠢᠨ ᠳᠤ ᠮᠡᠷᠭᠡᠵᠢᠯ ᠰᠤᠷᠭᠠᠨ᠎ᠠ᠃ ︵ᠴᠤᠯᠮᠤᠨ︶ | | | |