| 3 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠰᠠᠭᠤᠷᠢ ᠳᠦᠭᠦᠭᠡᠷᠦᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠴᠢᠬᠤᠯᠠ ᠠᠬᠢᠴᠠ ᠲᠠᠢ | ᠪᠣᠯᠪᠠ᠃ ᠨᠣᠭᠤᠭᠠᠨ ᠮᠧᠲ᠋ᠢᠯ ᠠᠯᠺᠣᠣᠯ ᠤᠨ ᠰᠠᠭᠤᠷᠢᠨ ᠭᠠᠵᠠᠷ ᠤᠨ ᠢᠵᠢ ᠪᠦᠷᠢᠳᠦᠭᠦᠯᠬᠦ ᠵᠠᠮ ᠤᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠵᠢᠴᠢ ᠬᠢᠮᠢ ᠶᠢᠨ ᠠᠵᠤ ᠦᠢᠯᠡᠳᠪᠦᠷᠢ ᠶᠢᠨ ᠤᠷᠤᠨ ᠲᠣᠭᠤᠷᠢᠭ ᠤᠨ ᠠᠶᠤᠯᠲᠠᠶ | ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠤᠰᠬᠠᠶ ᠨᠡᠪᠲᠡᠷᠡᠬᠦ ᠵᠠᠮ ᠢ ᠥᠭᠡᠷᠡᠴᠢᠯᠡᠬᠦ ᠢᠨᠵᠧᠨᠧᠷᠢᠩ ᠪᠥᠬᠦ ᠲᠠᠯ᠎ᠠ ᠪᠠᠷ | ᠠᠵᠢᠯ ᠡᠬᠢᠯᠡᠪᠡ᠃ | ᠰᠤᠷᠪᠤᠯᠵᠢᠯᠠᠭᠴᠢ ᠳᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠬᠦ ᠳᠤ᠂ ᠮᠠᠰᠢᠨ ᠮᠧᠬᠠᠨᠢᠭ | ᠬᠦᠡᠭᠬᠢᠨᠡᠵᠦ᠂ ᠠᠵᠢᠯᠳᠠᠳ ᠪᠠᠷᠢᠯᠭ᠎ᠠ ᠶᠢᠨ ᠠᠵᠢᠯ ᠢᠶᠠᠨ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠬᠢᠵᠦ ᠪᠠᠶᠢᠯ᠎ᠠ᠃ | ᠤᠶᠢᠯᠠᠭᠠᠭᠰᠠᠨ ᠢᠶᠠᠷ᠂ ᠨᠣᠭᠤᠭᠠᠨ ᠮᠧᠲ᠋ᠢᠯ ᠠᠯᠺᠣᠣᠯ ᠤᠨ ᠰᠠᠭᠤᠷᠢᠨ ᠭᠠᠵᠠᠷ ᠤᠨ ᠢᠵᠢ ᠪᠦᠷᠢᠳᠦᠭᠦᠯᠬᠦ ᠵᠠᠮ ᠤᠨ | ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ 7500 ᠭᠠᠷᠤᠶ ᠲᠦᠮᠡᠨ ᠲᠥᠭᠦᠷᠢᠭ ᠲᠤ ᠬᠦᠷᠴᠦ᠂ | ᠠᠰᠢᠭᠯᠠᠯᠳᠠ ᠳᠤ ᠤᠷᠤᠭᠤᠯᠤᠬᠰᠠᠨ ᠤ ᠳᠠᠷᠠᠭ᠎ᠠ᠂ ᠠᠵᠤ ᠦᠢᠯᠡᠳᠪᠦᠷᠢ ᠶᠢᠨ ᠤᠷᠤᠨ ᠲᠣᠭᠤᠷᠢᠭ ᠤᠨ ᠵᠠᠮ ᠤᠨ | ᠲᠣᠤᠷ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠤᠨ᠂ ᠶᠢᠨ ᠹᠧᠩ᠂ ᠶᠤᠸᠠᠨ ᠯᠢ ᠵᠡᠷᠭᠡ ᠭᠤᠤᠯᠳᠠᠯᠭ᠎ᠠ ᠲᠠᠢ | ᠲᠥᠷᠥᠯ ᠵᠦᠢᠯ ᠢ ᠥᠨᠳᠥᠷ ᠪᠦᠲᠦᠮᠵᠢᠲᠡᠶ ᠪᠠᠷ ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠨᠭ᠍ᠭᠠᠬᠤ ᠪᠤᠯᠤᠨ᠎ᠠ᠃ | ᠡᠭᠦᠨ ᠤ ᠬᠠᠮᠲᠤ᠂ 8500 ᠭᠠᠷᠤᠶ ᠲᠦᠮᠡᠨ ᠲᠥᠭᠦᠷᠢᠭ ᠤᠨ ᠶᠡᠷᠦᠩᠬᠡᠶ ᠪᠠᠯᠠ ᠣᠷᠣᠭᠤᠯᠬᠤ ᠪᠠᠷ ᠲᠥᠯᠥᠪᠯᠡᠵᠦ | ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠤᠷᠤᠨ ᠲᠣᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ | ᠲᠡᠭᠡᠭᠡᠪᠦᠷᠢ ᠶᠢᠨ ᠲᠤᠰᠬᠠᠶ ᠨᠡᠪᠲᠡᠷᠡᠬᠦ ᠵᠠᠮ ᠢ ᠥᠭᠡᠷᠡᠴᠢᠯᠡᠬᠦ ᠢᠨᠵᠧᠨᠧᠷᠢᠩ ᠤᠨ ᠠᠵᠢᠯ ᠢᠶᠠᠨ ᠴᠤ ᠡᠬᠢᠯᠡᠭᠦᠯᠪᠡ᠃ | ᠲᠣᠰ ᠲᠥᠷᠥᠯ ᠵᠦᠢᠯ ᠳᠤ 3.87 ᠺᠢᠯᠣᠮᠧᠲᠷ ᠤᠨ ᠵᠠᠮ ᠢ ᠰᠢᠨ᠎ᠡ ᠪᠠᠷ ᠳᠡᠪᠢᠰᠴᠤ᠂ ᠠᠶᠤᠯᠲᠠᠶ ᠬᠢᠮᠢ ᠶᠢᠨ | ᠪᠣᠳᠠᠰ ᠤᠨ ᠲᠤᠰᠬᠠᠶ ᠨᠡᠪᠲᠡᠷᠡᠬᠦ ᠵᠠᠮ ᠤᠨ ᠬᠠᠮᠠᠭᠠᠯᠠᠯᠲᠠ ᠶᠢᠨ ᠬᠡᠷᠡᠰᠭᠡ᠂ ᠤᠰᠤ ᠲᠠᠲᠠᠬᠤ ᠭᠠᠷᠠᠮ ᠵᠡᠷᠭᠡ ᠶᠢ ᠢᠵᠢ | ᠪᠥᠷᠢᠳᠦᠭᠦᠯᠬᠦ ᠲᠥᠬᠦᠭᠡᠷᠦᠮᠵᠢ ᠶᠢ ᠨᠡᠮᠡᠨ ᠪᠠᠶᠢᠭᠤᠯᠵᠤ᠂ ᠤᠷᠤᠨ ᠲᠣᠭᠤᠷᠢᠭ ᠤᠨ ᠲᠡᠭᠡᠭᠡᠪᠦᠷᠢ ᠶᠢᠨ ᠠᠮᠤᠷ | ᠲᠦᠪᠰᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠤᠯᠤᠨ᠎ᠠ᠃ | ︽ᠣᠳᠣᠬᠠᠨ ᠳᠤ ᠨᠣᠭᠤᠭᠠᠨ ᠮᠧᠲ᠋ᠢᠯ ᠠᠯᠺᠣᠣᠯ ᠤᠨ ᠢᠵᠢ ᠪᠦᠷᠢᠳᠦᠭᠦᠯᠬᠦ ᠵᠠᠮ ᠤᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠤᠨ ᠦᠨᠳᠦᠰᠦᠨ ᠰᠤᠪᠠᠭ ᠢ ᠮᠠᠯᠲᠠᠵᠤ ᠪᠠᠶᠢᠨ᠎ᠠ᠂ ᠵᠠᠯᠭᠠᠭᠠᠳ ᠪᠣᠬᠢᠷ ᠤᠰᠤ᠂ | ᠪᠣᠷᠣᠭᠠᠨ ᠤ ᠤᠰᠤ᠂ ᠰᠢᠳᠠᠮᠠᠬᠠᠢ ᠬᠡᠢ ᠵᠡᠷᠭᠡ ᠶᠢᠨ ᠶᠡᠷᠦᠩᠬᠡᠶᠢᠯᠡᠭᠰᠡᠨ ᠬᠤᠭᠤᠯᠠᠶ ᠶᠢᠨ ᠲᠣᠣᠷ ᠢ ᠳᠡᠪᠢᠰᠭᠦ ᠪᠣᠯᠤᠨ᠎ᠠ᠂ | ᠠᠶᠤᠯᠲᠠᠶ ᠬᠢᠮᠢ ᠶᠢᠨ ᠪᠣᠳᠠᠰ ᠤᠨ ᠵᠠᠮ ᠢ ᠥᠭᠡᠷᠡᠴᠢᠯᠡᠬᠦ ᠢᠨᠵᠧᠨᠧᠷᠢᠩ ᠤᠨ ᠨᠣᠭᠤᠭᠠᠷᠠᠭᠤᠯᠤᠯᠲᠠ ᠶᠢᠨ ᠪᠦᠰᠡ ᠶᠢ | ᠨᠡᠭᠦᠯᠭᠡᠨ ᠥᠭᠡᠷᠡᠴᠢᠯᠡᠬᠦ ᠠᠵᠢᠯ ᠢ ᠬᠢᠵᠦ᠂ ᠬᠤᠶᠢᠨᠠᠬᠢ ᠵᠠᠮ ᠢ ᠥᠭᠡᠷᠡᠴᠢᠯᠡᠬᠦ ᠳᠤ ᠪᠡᠯᠡᠳᠭᠡᠯ ᠬᠢᠵᠦ ᠪᠠᠶᠢᠨ᠎ᠠ︾ ᠭᠡᠵᠦ | ᠬᠢᠩᠭᠠᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠮᠧᠩ ᠵᠥᠩ ᠤᠷᠤᠨ | ᠲᠣᠭᠤᠷᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠵᠢᠶᠠ ᠴᠢ | ᠲᠠᠨᠢᠯᠴᠠᠭᠤᠯᠵᠦ ᠪᠠᠶᠢᠯ᠎ᠠ᠃ ᠳᠡᠷᠡ ᠵᠠᠯᠭᠠᠭᠠᠳ ︽ᠳᠤᠰ ᠬᠤᠶᠠᠷ ᠲᠥᠷᠥᠯ ᠵᠦᠢᠯ ᠢ 9 ᠰᠠᠷ᠎ᠠ ᠶᠢᠨ ᠰᠡᠭᠦᠯᠴᠢ ᠪᠠᠷ | ᠠᠵᠢᠯ ᠳᠠᠭᠤᠰᠬᠠᠬᠤ ᠪᠠᠷ ᠲᠥᠯᠥᠪᠯᠡᠵᠦ ᠪᠣᠶ᠂ ᠪᠢᠳᠡ ᠲᠣᠭᠲᠠᠭᠰᠠᠨ ᠬᠤᠭᠤᠴᠠᠭᠠᠨ ᠳᠠᠭᠠᠨ ᠴᠢᠨᠠᠷ ᠰᠠᠶᠢᠲᠠᠶ ᠪᠠᠷ | ᠠᠵᠢᠯ ᠳᠠᠭᠤᠰᠬᠠᠬᠤ ᠶᠢ ᠦᠨᠡᠨ ᠬᠦ ᠪᠠᠲᠤᠯᠠᠵᠤ᠂ ᠬᠢᠮᠢ ᠶᠢᠨ ᠠᠵᠤ ᠦᠢᠯᠡᠳᠪᠦᠷᠢ ᠶᠢᠨ ᠤᠷᠤᠨ ᠲᠣᠭᠤᠷᠢᠭ ᠤᠨ ᠵᠠᠮ | ᠲᠡᠭᠡᠭᠡᠪᠦᠷᠢ ᠶᠢᠨ ᠠᠮᠤᠷ ᠲᠦᠪᠰᠢᠨ ᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠬᠠᠩᠭᠠᠨ᠎ᠠ︾ ᠭᠡᠵᠦ ᠬᠡᠯᠡᠵᠦ | ᠪᠠᠶᠢᠯ᠎ᠠ᠃ | ᠴᠢᠬᠤᠯᠠ ᠶᠡᠭᠡ ᠳᠦᠷᠦᠯ ᠵᠦᠢᠯ ᠪᠣᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ | ᠮᠥᠨ᠃ 2025 ᠣᠨ ᠳᠤ᠂ ᠬᠢᠩᠭᠠᠨ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ | ᠲᠣᠭᠤᠷᠢᠭ ︽ᠤᠷᠢᠳᠠᠪᠠᠷ ᠲᠥᠯᠥᠪᠵᠢᠭᠦᠯᠵᠦ ᠤᠷᠢᠳᠠᠪᠠᠷ ᠤᠷᠤᠭᠰᠢᠯᠠᠭᠤᠯᠬᠤ︾ ᠤᠢᠢᠯᠠᠭᠠᠭᠳᠠᠬᠤᠨ ᠢ ᠪᠠᠷᠢᠮᠲᠠᠯᠠᠵᠤ᠂ | ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯᠤᠨ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠡᠨᠡ ᠵᠢᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ | 10 ᠭᠠᠷᠤᠢ ᠲᠦᠷᠦᠯ ᠤᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠨᠢ ᠨᠡᠮᠡᠭᠳᠡᠯ ᠢ ᠲᠣᠭᠲᠠᠪᠤᠷᠢᠵᠢᠭᠤᠯᠬᠤ᠂ | ᠲᠤᠯᠭᠠᠭᠤᠷᠢᠯᠠᠯ ᠢ ᠴᠢᠩᠭᠠᠳᠬᠠᠬᠤ᠂ ᠨᠥᠭᠡᠴᠡ ᠬᠦᠴᠦᠨ ᠢ ᠨᠡᠮᠡᠭᠳᠡᠭᠦᠯᠬᠦ ᠡᠭᠦᠷᠭᠡ ᠶᠢ ᠡᠭᠦᠷᠭᠡᠯᠡᠭᠰᠡᠨ ᠢᠶᠠᠷ ᠪᠠᠷᠠᠬᠤ | ᠦᠭᠡᠢ ᠨᠡᠩ ᠴᠤ ᠤᠷᠤᠨ ᠲᠣᠭᠤᠷᠢᠭ ᠲᠤ ᠰᠢᠨ᠎ᠡ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠵᠠᠢ᠃ | ᠣᠶᠢᠯᠠᠭᠠᠭᠰᠠᠨ ᠢᠶᠠᠷ᠂ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠲᠠᠢ ᠶᠢᠨ ᠹᠧᠩ᠂ ᠶᠤᠸᠠᠨ ᠯᠢ ᠶᠢᠨ | ᠠᠵᠤ ᠠᠬᠤᠶᠢᠯᠠᠯ ᠳᠤ ᠣᠷᠣᠭᠤᠯᠬᠤ ᠲᠡᠮᠦᠷ ᠵᠠᠮ ᠤᠨ ᠲᠤᠰᠬᠠᠶ ᠱᠤᠭᠤᠮ ᠵᠡᠷᠭᠡ ᠰᠠᠭᠤᠷᠢ ᠲᠥᠬᠦᠭᠡᠷᠦᠮᠵᠢ ᠶᠢ 3 | ᠰᠠᠷ᠎ᠠ ᠶᠢᠨ ᠰᠡᠭᠦᠯᠴᠢ ᠪᠠᠷ ᠪᠥᠬᠦ ᠲᠠᠯ᠎ᠠ ᠪᠠᠷ ᠡᠬᠢᠯᠡᠭᠦᠯᠵᠦ᠂ ᠤᠷᠤᠨ ᠲᠣᠭᠤᠷᠢᠭ ᠤᠨ ᠭᠤᠤᠯᠳᠠᠯᠭ᠎ᠠ ᠲᠠᠢ | ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃ | ᠡᠳᠡᠭᠡᠷ ᠠᠯᠢ ᠤᠯᠠᠨ ᠢᠨᠵᠧᠨᠧᠷᠢᠩ ᠢ ᠡᠬᠢᠯᠡᠭᠦᠯᠦᠭᠰᠡᠨ ᠨᠢ ᠬᠢᠩᠭᠠᠨ ᠠᠶᠢᠮᠠᠭ ᠤᠨ ᠠᠵᠤ ᠠᠬᠤᠢ | ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠳᠤᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ︵ᠯᠢ ᠤᠭ᠍ᠶᠦ︶ | | | | |