ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2025 ᠣᠨ ᠤ ᠲᠤᠯᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠭᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
        3 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2025 ᠣᠨ ᠤ ᠲᠤᠯᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠭᠡᠭᠰᠡᠨ︶ ᠬᠤᠷᠠᠯ ᠬᠤᠷᠠᠯᠳᠤᠭᠤᠯᠵᠦ᠂ ᠨᠠᠮ ᠤᠨ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠵᠢᠴᠢ ᠪᠠᠶᠢᠭᠤᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠳᠣᠭᠢᠷᠠᠭᠤᠯᠵᠠᠢ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠵᠠᠶ᠃        ᠬᠤᠷᠠᠯ ᠠᠴᠠ ᠴᠢᠩᠭᠠᠳᠬᠠᠬᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠢᠰᠲ᠋ᠧᠮ ᠲᠠᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ᠂ ᠬᠠᠷᠠᠯᠲᠠ ᠡᠭᠦᠷᠭᠡ᠂ ᠰᠤᠷᠤᠯᠴᠠᠬᠤ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ᠂ ᠥᠭᠡᠷᠡᠴᠢᠯᠡᠬᠦ ᠳᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠳᠡᠢ᠃ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠴᠡᠭᠴᠡᠯᠡᠨ ᠵᠠᠰᠠᠬᠤ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃        ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠪᠠᠶᠢᠭᠤᠯᠭ᠎ᠠ ᠶᠢᠨ ᠨᠠᠮ ᠤᠨ ᠡᠭᠦᠷ ᠤᠨ ᠭᠡᠰᠢᠭᠦᠨ᠂ ᠪᠠᠶᠢᠭᠤᠯᠭ᠎ᠠ ᠶᠢᠨ ᠨᠠᠮ ᠤᠨ ᠡᠭᠦᠷ ᠤᠨ ᠡᠯ᠎ᠡ ᠨᠠᠮ ᠤᠨ ᠳᠤᠭᠤᠶᠢᠯᠠᠩ ᠤᠨ ᠳᠠᠷᠤᠭ᠎ᠠ ᠬᠤᠷᠠᠯ ᠳᠤ ᠰᠤᠯᠠ ᠣᠷᠣᠯᠴᠠᠵᠠᠢ᠃ ︵ᠯᠢ ᠤᠭ᠍ᠶᠦ ᠪᠤᠤ ᠸᠧᠨ ᠳ᠋ᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号