ᠨᠠᠮ ᠤᠨ ᠭᠡᠰᠢᠭᠦᠨ ᠠᠴᠠ ᠨᠤᠲᠤᠭ ᠤᠨ ᠴᠢᠳᠠᠪᠤᠷᠢᠲᠠᠨ ᠪᠣᠯᠲᠠᠯᠠᠬᠢ ᠭᠤᠤ ᠵᠦᠩ ᠱᠧᠩ ᠤᠨ ᠬᠤᠪᠢᠷᠠᠯᠲᠠ
ᠨᠡᠶᠢᠲᠡᠯᠡᠭᠰᠡᠨ ᠴᠠᠭ᠄
2025/3/27
         ᠥᠪᠥᠷ ᠮᠣᠩᠭᠤᠯ ᠤᠨ ᠬᠢᠩᠭᠠᠨ ᠠᠶᠢᠮᠠᠭ ᠤᠨ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠬᠤᠳᠠᠠ ᠠᠶᠢᠯ ᠭᠠᠴᠠᠭ᠎ᠠ ᠳᠤ᠂ ᠡᠶᠢᠮᠦ ᠨᠢᠭᠡᠨ ᠨᠠᠮ ᠤᠨ ᠭᠡᠰᠢᠭᠦᠨ ᠪᠤᠢ᠂ ᠲᠡᠷᠡ ᠥᠪᠡᠷ ᠤᠨ ᠬᠦᠴᠦᠨ ᠴᠢᠳᠠᠯ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠷᠠᠭᠤ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ᠂ ᠲᠡᠷᠡ ᠪᠣᠯ ᠭᠤᠤ ᠵᠦᠩ ᠱᠧᠩ ᠪᠣᠯᠤᠨ᠎ᠠ᠃ ᠡᠩ ᠤᠨ ᠨᠠᠮ ᠤᠨ ᠭᠡᠰᠢᠭᠦᠨ ᠠᠴᠠ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠪᠠᠶᠠᠵᠢᠨ ᠴᠢᠨᠡᠭᠡᠯᠢᠭᠵᠢᠬᠦ ᠨᠤᠲᠤᠭ ᠤᠨ ᠴᠢᠳᠠᠪᠤᠷᠢᠲᠠᠨ ᠪᠣᠯᠤᠨ ᠦᠰᠦᠨ ᠪᠤᠶᠢᠵᠢᠵᠤ᠂ ᠭᠤᠤ ᠵᠦᠩ ᠱᠧᠩ ᠠᠯᠬᠤᠮ ᠪᠦᠷᠢ ᠤᠭ ᠰᠠᠨᠠᠭ᠎ᠠ ᠪᠣᠯᠤᠨ ᠡᠭᠦᠷᠭᠡᠯᠡᠯ ᠢᠶᠠᠨ ᠴᠡᠭᠡᠵᠢᠯᠡᠵᠦ᠂ ᠲᠤᠬᠠᠶ ᠶᠢᠨ ᠭᠠᠵᠠᠷ ᠤᠨ ᠨᠠᠮ ᠤᠨ ᠭᠡᠰᠢᠭᠦᠨ ᠤ ᠬᠥᠳᠡᠭᠡ ᠲᠣᠰᠬᠤᠨ ᠤ ᠬᠥᠭᠵᠢᠯᠲᠡ ᠶᠢ ᠬᠥᠲᠥᠯᠥᠨ ᠳᠠᠭᠠᠭᠤᠯᠬᠤ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠠᠮᠢᠳᠤᠯᠢᠭ ᠬᠡᠪ ᠳᠠᠭᠤᠷᠢᠶᠠᠯ ᠪᠣᠯᠵᠠᠢ᠃        ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠳᠤ ᠨᠠᠮ ᠤᠨ ᠭᠡᠰᠢᠭᠦᠨ ᠲᠦᠷᠦᠭᠦᠯᠡᠨ ᠬᠦᠨᠳᠦ ᠡᠭᠦᠷᠭᠡ ᠶᠢ ᠡᠭᠦᠷᠭᠡᠯᠡᠪᠡ        ᠭᠤᠤ ᠵᠦᠩ ᠱᠧᠩ ᠤᠤᠯ ᠨᠢ ᠭᠠᠳᠠᠨ᠎ᠠ ᠭᠠᠵᠠᠷ ᠴᠢᠷᠮᠠᠶᠢᠨ ᠲᠡᠮᠡᠴᠡᠵᠦ ᠪᠠᠶᠢᠭᠰᠠᠨ ᠴᠦ ᠢᠮᠠᠭᠲᠠ ᠨᠤᠲᠤᠭ ᠤᠰᠤᠨ ᠤ ᠪᠠᠨ ᠬᠥᠭᠵᠢᠯᠲᠡ ᠶᠢ ᠰᠠᠨᠠᠭᠠᠰᠢᠷᠠᠵᠤ ᠪᠠᠶᠢᠪᠠ᠃ ᠲᠡᠷᠡ ᠦᠶ᠎ᠡ ᠳᠤ᠂ ᠬᠤᠲᠠᠠ ᠠᠶᠢᠯ ᠭᠠᠴᠠᠭ᠎ᠠ ᠳᠤ ᠬᠡᠳᠦ᠋ᠢᠪᠡᠷ ᠤᠰᠤᠨ ᠲᠤᠲᠤᠷᠭ᠎ᠠ ᠳᠠᠷᠢᠬᠤ ᠤᠯᠠᠮᠵᠢᠯᠠᠯ ᠲᠠᠢ ᠪᠣᠯᠪᠠᠴᠤ ᠭᠠᠴᠠᠭᠠᠨ ᠤ ᠠᠷᠠᠳ ᠤᠰᠤᠨ ᠲᠤᠲᠤᠷᠭ᠎ᠠ  ᠪᠠᠨ ᠬᠤᠳᠠᠯᠳᠤᠬᠤ ᠦᠨ᠎ᠡ ᠬᠠᠩᠰᠢ ᠲᠣᠭᠲᠠᠭᠤᠨ ᠪᠤᠰᠤ᠂ ᠲᠠᠷᠢᠮᠠᠯ ᠤᠨ ᠥᠪᠡᠷ ᠤᠨ ᠥᠷᠲᠡᠭ ᠳᠡᠭᠡᠭᠰᠢᠯᠡᠬᠦ᠂ ᠠᠰᠢᠭ ᠬᠤᠨᠵᠢᠪᠣᠷᠢ ᠪᠠᠭ᠎ᠠ ᠵᠡᠷᠭᠡ ᠬᠦᠴᠢᠷᠳᠡᠯ ᠳᠤ ᠲᠤᠯᠭᠠᠷᠠᠵᠤ ᠪᠠᠶᠢᠪᠠ᠃ ᠲᠡᠷᠡ ᠮᠥᠷᠲᠡᠭᠡᠨ ᠪᠠᠯᠭᠠᠰᠤᠨ ᠳᠤ ᠪᠣᠯᠪᠠᠰᠤᠷᠠᠭᠤᠯᠬᠤ ᠦᠢᠯᠡᠳᠪᠦᠷᠢ ᠪᠠ ᠠᠮᠤ ᠪᠤᠳᠠᠭ᠎ᠠ ᠬᠤᠳᠠᠯᠳᠤᠨ ᠠᠪᠬᠤ ᠭᠤᠣᠯ ᠴᠣᠭᠴᠠ ᠳᠤᠲᠠᠭᠳᠠᠵᠤ᠂ ᠭᠠᠴᠠᠭᠠᠨ ᠤ ᠠᠷᠠᠳ ᠵᠠᠬ᠎ᠠ ᠳᠡᠯᠭᠡᠭᠦᠷ ᠤᠨ ᠠᠷᠠᠯᠵᠢᠶᠠᠨ ᠳᠤ ᠦᠨ᠎ᠡ ᠬᠠᠩᠰᠢ ᠵᠥᠪᠯᠡᠬᠦ ᠴᠢᠳᠠᠪᠤᠷᠢ ᠳᠣᠷᠣᠶ᠂ ᠰᠢᠷᠭᠠᠭᠤ ᠬᠠᠲᠠᠭᠤᠵᠢᠯᠲᠠᠶ ᠠᠵᠢᠯᠯᠠᠭᠠᠳ ᠬᠠᠷᠢᠨ ᠲᠡᠭᠦᠨ ᠲᠠᠢ ᠵᠣᠬᠢᠴᠠᠯᠳᠤᠬᠤ ᠠᠰᠢᠭ ᠣᠷᠣᠯᠭ᠎ᠠ ᠤᠯᠬᠤ ᠳᠤ ᠪᠡᠷᠬᠡ ᠪᠠᠶᠢᠪᠠ᠃        2012 ᠣᠨ ᠳᠤ᠂ ᠭᠤᠤ ᠵᠦᠩ ᠱᠧᠩ ᠭᠠᠴᠠᠭᠠᠨ ᠳᠠᠭᠠᠨ ᠪᠤᠴᠠᠵᠤ ᠨᠠᠮ ᠤᠨ ᠡᠭᠦᠷ ᠤᠨ ᠳᠡᠳ᠋ ᠱᠦᠵᠢ ᠪᠤᠯᠵᠤ᠂ ᠭᠠᠴᠠᠭᠠᠨ ᠤ ᠣᠳᠣᠬᠢ ᠪᠠᠶᠢᠳᠠᠯ ᠰᠠᠨ ᠮᠠᠰᠢ ᠰᠠᠨᠠᠭᠠᠰᠢᠷᠠᠵᠤ ᠪᠠᠶᠢᠪᠠ᠃ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠬᠦᠴᠢᠷᠳᠡᠯ ᠠᠴᠠ ᠭᠠᠷᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠪᠠᠨ ᠭᠦᠨ ᠣᠶᠢᠯᠠᠭᠠᠪᠠ᠃ ᠭᠦᠨᠵᠡᠭᠡᠶ ᠰᠡᠳᠬᠢᠨ ᠪᠣᠳᠣᠯᠬᠢᠯᠠᠬᠤ ᠪᠠᠷ ᠳᠡᠮᠵᠢᠨ᠂ 2014 ᠣᠨ ᠤ 4 ᠰᠠᠷ᠎ᠠ ᠳᠤ᠂ ᠭᠤᠤ ᠵᠥᠩ ᠱᠧᠩ ᠭᠠᠴᠠᠭᠠᠨ ᠤ ᠠᠷᠠᠳ ᠢ ᠳᠠᠭᠠᠭᠤᠯᠤᠨ ᠤᠯᠠᠭᠠᠨᠬᠤᠲᠠ ᠶᠢᠨ ᠶᠢᠩ ᠱᠧᠦ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢ ᠡᠭᠦᠳᠦᠨ ᠪᠠᠶᠢᠭᠤᠯᠵᠤ ᠂ 100 ᠲᠦᠮᠡᠨ ᠲᠥᠭᠦᠷᠢᠭ ᠤᠨ ᠪᠠᠯᠠ ᠮᠥᠩᠭᠦ ᠳᠠᠩᠰᠠᠯᠠᠭᠤᠯᠵᠤ᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠳᠠᠷᠢᠬᠤ ᠰᠢᠨ᠎ᠡ ᠵᠠᠭᠪᠤᠷ ᠢ ᠡᠬᠢᠯᠡᠭᠦᠯᠪᠡ᠃ ᠡᠨᠡ ᠬᠦ ᠠᠷᠭ᠎ᠠ ᠬᠡᠮᠵᠢᠶ᠎ᠡ ᠨᠢ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠬᠡᠪᠴᠢᠶᠡᠵᠢᠭᠦᠯᠬᠦ᠂ ᠨᠠᠷᠠᠲᠤ ᠲᠡᠮᠳᠡᠭᠵᠢᠭᠦᠯᠬᠦ ᠬᠥᠭᠵᠢᠯᠲᠡ ᠶᠢᠨ ᠵᠠᠮ ᠢᠶᠠᠷ ᠵᠠᠮᠨᠠᠵᠤ ᠂ ᠥᠩᠭᠡᠷᠡᠭᠰᠡᠨ ᠤ ᠭᠠᠭᠴᠠᠭᠠᠷ ᠲᠡᠮᠡᠴᠡᠬᠦ ᠪᠠᠶᠢᠳᠠᠯ ᠢ ᠡᠪᠳᠡᠵᠦ᠂ ᠲᠣᠰᠬᠤᠨ ᠤ ᠠᠷᠠᠳ ᠤᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠡᠨᠡ ᠬᠦ ᠶᠠᠪᠤᠴᠠ ᠳᠤ᠂ ᠭᠤᠤ ᠵᠦᠩ ᠱᠧᠩ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠶ᠎ᠡ ᠪᠠᠷ ᠢᠶᠠᠨ ᠴᠢᠷᠮᠠᠶᠢᠵᠤ᠂ ᠡᠬᠢ ᠪᠠᠶᠠᠯᠢᠭ ᠢ ᠵᠣᠬᠢᠴᠠᠭᠤᠯᠵᠤ᠂ ᠬᠤᠷᠰᠢᠶ᠎ᠠ ᠪᠠᠶᠢᠭᠤᠯᠬᠤ ᠪᠠ ᠬᠥᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠡᠭᠦᠨ ᠤ ᠠᠵᠢᠯᠯᠠᠭ᠎ᠠ ᠨᠢ ᠨᠤᠲᠤᠭ ᠤᠨ ᠠᠬ᠎ᠠ ᠳᠡᠭᠦᠦ ᠨᠡᠷ ᠲᠤ ᠦᠯᠢᠭᠡᠷ ᠳᠠᠭᠤᠷᠢᠶᠠᠯ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠨᠠᠮ ᠤᠨ ᠭᠡᠰᠢᠭᠦᠨ ᠤ ᠠᠷᠠᠳ ᠲᠦᠮᠡᠨ ᠳᠤ ᠦᠢᠯᠡᠴᠢᠯᠡᠬᠦ ᠡᠷᠡᠰ ᠵᠣᠷᠢᠭ ᠪᠣᠯᠤᠨ ᠬᠦᠴᠦᠨ ᠴᠢᠳᠠᠯ ᠢ ᠦᠵᠡᠭᠦᠯᠵᠦ᠂ ᠨᠡᠩ ᠤᠯᠠᠨ ᠭᠠᠴᠠᠭᠠᠨ ᠤ ᠠᠷᠠᠳ ᠢ ᠬᠤᠷᠰᠢᠶᠠᠨ ᠳᠤ ᠢᠳᠡᠪᠬᠢᠲᠡᠢ ᠣᠷᠣᠯᠴᠠᠭᠤᠯᠪᠠ᠃        ᠵᠠᠬᠢᠶᠠᠯᠠᠭ᠎ᠠ ᠶᠢᠨ ᠲᠠᠷᠢᠮᠠᠯ ᠨᠢ ᠲᠠᠷᠢᠶᠠᠯᠠᠩ ᠤᠨ ᠰᠢᠨ᠎ᠡ ᠬᠤᠪᠢᠷᠠᠯᠲᠠ ᠶᠢ ᠠᠪᠴᠢᠷᠠᠪᠠ        ᠬᠤᠷᠰᠢᠶ᠎ᠠ ᠪᠠᠶᠢᠭᠤᠯᠤᠭᠳᠠᠭᠰᠠᠨ ᠤ ᠲᠠᠷᠠᠭ᠎ᠠ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠤᠨ ᠵᠢᠯᠤᠭᠤᠳᠤᠯᠭ᠎ᠠ ᠳᠣᠣᠷ᠎ᠠ᠂ ᠭᠤᠤ ᠵᠦᠩ ᠱᠧᠩ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠮᠧᠬᠠᠨᠢᠭᠵᠢᠭᠰᠠᠨ ᠵᠠᠬᠢᠶᠠᠯᠠᠭ᠎ᠠ ᠶᠢᠨ ᠲᠠᠷᠢᠮᠠᠯ ᠤᠨ ᠵᠠᠭᠪᠤᠷ ᠢ ᠬᠡᠷᠡᠭᠵᠢᠭᠦᠯᠪᠡ᠃ ᠬᠥᠮᠦᠵᠢᠭᠦᠯᠬᠦ ᠲᠥᠪ ᠤᠨ ᠬᠢᠨ ᠲᠡᠭᠦᠨ ᠳᠤ ᠬᠥᠭᠦᠷᠭᠡ ᠬᠤᠯᠪᠣᠭᠠᠰᠤ ᠪᠤᠯᠵᠤ᠂ ᠭᠠᠴᠠᠭᠠᠨ ᠤ ᠠᠷᠠᠳ ᠲᠠᠢ ᠬᠠᠷᠢᠯᠴᠠᠵᠤ᠂ ᠵᠠᠬᠢᠶᠠᠯᠠᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠠᠢ᠃ ᠡᠨᠡᠬᠦ ᠵᠠᠭᠪᠤᠷ ᠢᠶᠠᠷ᠂ ᠬᠤᠷᠰᠢᠶ᠎ᠠ ᠨᠢ ᠵᠣᠴᠢᠨ ᠡᠷᠦᠬᠡ ᠶᠢᠨ ᠵᠠᠬᠢᠶᠠᠯᠠᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠳᠠᠷᠢᠬᠤ ᠡᠷᠦᠬᠡ ᠳᠤ ᠦᠷ᠎ᠡ ᠶᠢᠨ ᠴᠢᠬᠢ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ᠂ ᠳᠠᠷᠢᠬᠤ ᠡᠷᠦᠬᠡ ᠨᠢ ᠵᠥᠪᠬᠡᠨ ᠱᠠᠭᠠᠷᠳᠠᠯᠭ᠎ᠠ ᠶᠣᠰᠣᠭᠠᠷ ᠳᠠᠷᠢᠵᠤ ᠬᠠᠮᠢᠶᠠᠷᠤᠨ ᠬᠠᠮᠠᠭᠠᠯᠠᠵᠤ᠂ ᠤᠰᠤᠨ ᠲᠤᠲᠤᠷᠭ᠎ᠠ ᠪᠣᠯᠪᠠᠰᠤᠷᠠᠭᠰᠠᠨ ᠤ ᠳᠠᠷᠠᠭ᠎ᠠ ᠬᠤᠷᠰᠢᠶ᠎ᠠ ᠠᠴᠠ ᠰᠠᠭᠤᠷᠢ ᠶᠢ ᠪᠠᠲᠤᠯᠠᠨ ᠨᠢᠭᠡᠳᠦᠯᠲᠡᠶ ᠬᠤᠳᠠᠯᠳᠤᠨ ᠠᠪᠤᠨ᠎ᠠ᠃ ᠡᠨᠡᠬᠦ ᠵᠠᠭᠪᠤᠷ ᠢ ᠬᠡᠷᠡᠭᠵᠢᠭᠦᠯᠦᠭᠰᠡᠨ ᠢᠶᠠᠷ ᠲᠠᠷᠢᠮᠠᠯ ᠤᠨ ᠡᠷᠦᠬᠡ ᠶᠢᠨ ᠬᠤᠶᠢᠰᠢᠳᠠ ᠶᠢᠨ ᠵᠣᠪᠠᠨᠢᠯ ᠢ ᠪᠦᠲᠦᠮᠵᠢᠲᠡᠶ ᠪᠠᠷ ᠰᠢᠢᠳᠪᠦᠷᠢᠯᠡᠵᠦ ᠂ ᠲᠠᠷᠢᠶᠠᠴᠢᠳ ᠪᠣᠷᠣᠯᠠᠭᠤᠯᠭ᠎ᠠ ᠶᠢᠨ ᠵᠠᠮ ᠮᠥᠷ ᠪᠣᠯᠤᠨ ᠦᠨ᠎ᠡ ᠬᠠᠩᠰᠢ ᠶᠢᠨ ᠬᠡᠯᠪᠡᠯᠵᠡᠯ ᠤᠨ ᠲᠥᠯᠥᠭᠡ ᠰᠠᠨᠠᠭᠠᠰᠢᠷᠠᠬᠤ ᠪᠠᠨ ᠪᠤᠯᠢᠵᠤ᠂ ᠭᠠᠷᠤᠯᠲᠠ ᠶᠢ ᠨᠢ ᠲᠣᠭᠲᠠᠪᠤᠷᠢᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠵᠦ ᠨᠡᠩ ᠪᠠᠲᠤᠯᠠᠭ᠎ᠠ ᠲᠠᠢ ᠪᠣᠯᠭᠠᠵᠠᠢ᠃ 2024 ᠣᠨ ᠳᠤ ᠵᠠᠬᠢᠶᠠᠯᠠᠭ᠎ᠠ ᠶᠢᠨ ᠲᠠᠷᠢᠮᠠᠯ ᠢ 4000 ᠮᠥ ᠲᠠᠷᠢᠵᠤ᠂ ᠬᠤᠷᠰᠢᠶ᠎ᠠ ᠨᠢ ᠵᠠᠬ᠎ᠠ ᠳᠡᠯᠭᠡᠭᠦᠷ ᠤᠨ ᠦᠨ᠎ᠡ ᠠᠴᠠ ᠠᠴᠠ 0.05 ᠲᠥᠭᠦᠷᠢᠭ \ ᠵᠢᠩ ᠤᠨ ᠥᠨᠳᠦᠷ ᠦᠨ᠎ᠡ ᠪᠠᠷ ᠵᠠᠬᠢᠶᠠᠯᠠᠭ᠎ᠠ ᠶᠢᠨ ᠲᠠᠷᠢᠮᠠᠯ ᠢ ᠬᠤᠷᠢᠶᠠᠨ ᠠᠪᠴᠤ᠂ ᠲᠠᠷᠢᠶᠠᠴᠢᠨ ᠡᠷᠦᠬᠡ ᠶᠢᠨ ᠮᠥ ᠪᠦᠷᠢ ᠶᠢᠨ ᠣᠷᠣᠯᠭ᠎ᠠ ᠶᠢ 100 ᠲᠥᠭᠦᠷᠢᠭ ᠣᠷᠴᠢᠮ ᠨᠡᠮᠡᠭᠳᠡᠭᠦᠯᠪᠡ᠃        ᠵᠠᠬᠢᠶᠠᠯᠠᠭ᠎ᠠ ᠶᠢᠨ ᠲᠠᠷᠢᠮᠠᠯ ᠢ ᠳᠡᠯᠭᠡᠷᠡᠭᠦᠯᠬᠦ ᠶᠠᠪᠤᠴᠠ ᠳᠤ᠂ ᠭᠤᠤ ᠵᠦᠩ ᠱᠧᠩ ᠡᠨᠡᠬᠦ ᠵᠠᠭᠪᠤᠷ ᠤᠨ ᠦᠢᠯᠡᠳᠦᠯ ᠢ ᠦᠨᠡᠨ ᠬᠦ ᠪᠠᠳᠠᠷᠠᠭᠤᠯᠬᠤ ᠳᠤ ᠡᠷᠬᠡᠪᠰᠢ ᠲᠠᠷᠢᠮᠠᠯ ᠤᠨ ᠮᠡᠷᠭᠡᠵᠢᠯ ᠤᠨ ᠲᠦᠪᠰᠢᠨ ᠪᠣᠯᠤᠨ ᠵᠠᠬ᠎ᠠ ᠳᠡᠯᠭᠡᠭᠦᠷ ᠤᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ ᠭᠡᠳᠡᠭ ᠢ ᠣᠯᠵᠤ ᠮᠡᠳᠡᠵᠡᠢ᠃ ᠡᠶᠢᠮᠦ ᠠᠴᠠ᠂ ᠲᠡᠷᠡ ᠦᠷᠭᠦᠯᠵᠢ ᠬᠥᠮᠦᠵᠢᠭᠦᠯᠬᠦ ᠲᠥᠪ ᠤᠨ ᠡᠷᠬᠢᠯᠡᠭᠰᠡᠨ ᠡᠯ᠎ᠡ ᠲᠥᠷᠥᠯ ᠤᠨ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ᠂ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠢ ᠤᠷᠢᠵᠤ ᠲᠠᠷᠢᠶᠠᠨ ᠭᠠᠵᠠᠷ ᠲᠤ ᠣᠴᠢᠭᠤᠯᠤᠨ ᠲᠤᠬᠠᠶ ᠶᠢᠨ ᠭᠠᠵᠠᠷ ᠲᠤᠨᠢ ᠵᠢᠯᠣᠭᠤᠳᠤᠭᠤᠯᠵᠤ᠂ ᠲᠡᠷᠢᠭᠦᠨ ᠤ ᠲᠠᠷᠢᠮᠠᠯ ᠤᠨ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠭᠤᠯᠵᠠᠶ᠃ ᠲᠠᠷᠢᠮᠠᠯ ᠤᠨ ᠭᠠᠷᠤᠯᠲᠠ ᠪᠠ ᠪᠣᠷᠣᠯᠠᠭᠤᠯᠬᠤ ᠬᠡᠮᠵᠢᠶ᠎ᠡ ᠶᠢ ᠪᠠᠲᠤᠯᠠᠬᠤ ᠶᠢᠨ ᠲᠥᠯᠥᠭᠡ᠂ ᠭᠤᠤ ᠵᠥᠩ ᠱᠧᠩ ᠵᠢᠯ ᠪᠦᠷᠢ 10 ᠮᠥ ᠲᠤᠷᠰᠢᠯᠲᠠ ᠶᠢᠨ ᠲᠠᠷᠢᠶ᠎ᠠ ᠳᠠᠷᠢᠵᠤ᠂ ᠮᠠᠰᠢ ᠣᠯᠠᠨ ᠤᠰᠤᠨ ᠲᠤᠲᠤᠷᠭ᠎ᠠ ᠶᠢᠨ ᠡᠭᠦᠯᠳᠡᠷ ᠠᠴᠠ ᠲᠣᠰ ᠭᠠᠵᠠᠷ ᠤᠨ ᠬᠥᠷᠥᠰᠥ ᠰᠢᠷᠣᠶ᠂ ᠠᠭᠤᠷ ᠠᠮᠢᠰᠬᠤᠯ ᠵᠡᠷᠭᠡ ᠨᠥᠬᠦᠴᠡᠯ ᠢ ᠦᠨᠳᠦᠰᠦᠯᠡᠨ᠂ ᠲᠣᠬᠢᠷᠠᠮᠵᠢᠲᠠᠶ ᠡᠭᠦᠯᠳᠡᠷ ᠢ ᠰᠢᠯᠢᠨ ᠰᠣᠩᠭᠤᠬᠤ ᠶᠢᠨ ᠬᠠᠮᠲᠤ ᠳᠠᠷᠢᠬᠤ ᠨᠥᠬᠦᠴᠡᠯ ᠢ ᠰᠦᠪᠡᠭᠴᠢᠯᠡᠵᠡᠢ᠃ ᠲᠡᠷᠡ ᠰᠢᠨ᠎ᠡ ᠪᠦᠲᠦᠭᠡᠭᠳᠡᠬᠦᠨ᠂ ᠰᠢᠨ᠎ᠡ ᠮᠡᠷᠭᠡᠵᠢᠯ ᠪᠣᠯᠤᠨ ᠰᠢᠨ᠎ᠡ ᠲᠠᠷᠢᠮᠠᠯ ᠤᠨ ᠵᠠᠭᠪᠤᠷ ᠢ ᠢᠳᠡᠪᠬᠢᠲᠡᠢ ᠣᠷᠣᠭᠤᠯᠤᠨ ᠠᠪᠴᠢᠷᠠᠵᠤ᠂ ᠲᠠᠷᠢᠮᠠᠯ ᠤᠨ ᠡᠷᠦᠬᠡ ᠶᠢᠨ ᠨᠢᠭᠡᠳᠦᠯᠲᠡᠶ ᠦᠷ᠎ᠡ ᠬᠤᠳᠠᠯᠳᠤᠨ ᠠᠪᠬᠤ᠂ ᠨᠢᠭᠡᠳᠦᠯᠲᠡᠶ ᠰᠣᠶᠣᠭᠠᠯᠠᠬᠤ᠂ ᠨᠢᠭᠡᠳᠦᠯᠲᠡᠶ ᠲᠠᠷᠢᠬᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠪᠣᠷᠣᠯᠠᠭᠤᠯᠬᠤ ︽ᠲᠠᠪᠤ ᠶᠢ ᠨᠢᠭᠡᠳᠬᠡᠬᠦ︾ ᠦᠢᠯᠡᠳᠪᠦᠷᠢᠯᠡᠯ ᠤᠨ ᠵᠠᠭᠪᠤᠷ ᠢ ᠬᠡᠷᠡᠭᠯᠡᠬᠦ ᠶᠢ ᠰᠠᠨᠠᠭᠠᠴᠢᠯᠠᠵᠤ᠂ ᠡᠵᠡᠩᠨᠡᠯᠲᠡ ᠶᠢᠨ ᠥᠪᠡᠷ ᠤᠨ ᠦᠷᠳᠡᠭ ᠪᠣᠯᠤᠨ ᠲᠠᠷᠢᠮᠠᠯ ᠤᠨ ᠲᠦᠭᠰᠢᠭᠦᠷᠢ ᠶᠢ ᠪᠠᠭᠤᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠪᠡ᠃        ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠠᠶᠢᠴᠢᠯᠠᠵᠠᠢ        2019 ᠣᠨ ᠠᠴᠠ ᠨᠠᠭᠠᠰᠢ᠂ ᠭᠡᠭᠡᠨᠰᠦ᠋ᠮ᠎ᠡ ᠪᠠᠯᠭᠠᠰᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ 956 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠭᠤᠷᠪᠠᠨ ᠬᠤᠭᠤᠴᠠᠭ᠎ᠠ ᠬᠤᠪᠢᠶᠠᠨ ᠭᠠᠴᠠᠭ᠎ᠠ ᠬᠤᠯᠪᠤᠭᠠᠯᠠᠭᠰᠠᠨ ᠬᠠᠮᠲᠤ ᠶᠢᠨ ᠠᠵᠤ ᠠᠬᠤᠢ ᠶᠢᠨ ᠲᠤᠲᠤᠷᠭ᠎ᠠ ᠡᠳ᠋ᠰᠢᠭᠦᠯᠬᠦ ᠦᠢᠯᠡᠳᠪᠦᠷᠢ ᠶᠢ ᠪᠠᠶᠢᠭᠤᠯᠪᠠ᠃ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠨᠢ ᠭᠤᠤ ᠵᠦᠩ ᠱᠧᠩ ᠤᠨ ᠠᠵᠠ ᠲᠣᠬᠢᠶᠠᠯ ᠢ ᠠᠮᠵᠢᠬᠤ ᠳᠤ ᠬᠦᠴᠦ ᠨᠡᠮᠡᠷᠢᠯᠡᠵᠦ᠂ ᠬᠤᠷᠰᠢᠶ᠎ᠠ ᠶᠢ ᠯᠢᠶᠠᠨ ᠭᠠᠴᠠᠭ᠎ᠠ ᠬᠤᠯᠪᠤᠭᠠᠯᠠᠭᠰᠠᠨ ᠬᠠᠮᠲᠤ ᠶᠢᠨ ᠠᠵᠤ ᠠᠬᠤᠢ ᠶᠢᠨ ᠲᠤᠲᠤᠷᠭ᠎ᠠ ᠡᠳ᠋ᠰᠢᠭᠦᠯᠬᠦ ᠦᠢᠯᠡᠳᠪᠦᠷᠢ ᠳᠤ ᠣᠷᠣᠭᠤᠯᠵᠤ᠂ ᠶᠢᠨ ᠼᠠᠩ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠲᠤᠰ ᠪᠣᠯᠪᠠᠰᠤᠷᠠᠭᠤᠯᠬᠤ ᠦᠢᠯᠡᠳᠪᠦᠷᠢ ᠶᠢ ᠲᠦᠷᠢᠶᠡᠰᠦᠯᠡᠵᠦ ︽ᠨᠥᠩ ᠳ᠋ᠣᠣ ᠶᠤᠸᠠᠨ︾ ᠲᠠᠸᠠᠷ ᠤᠨ ᠲᠡᠮᠳᠡᠭ ᠢ ᠳᠠᠩᠰᠠᠯᠠᠭᠤᠯᠵᠤ᠂ ︽ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠬᠡᠯᠪᠡᠷᠢ ᠶᠢ ᠬᠠᠶᠢᠨ ᠰᠦᠪᠡᠭᠴᠢᠯᠡᠪᠡ᠃ 2024 ᠣᠨ ᠳᠤ ᠲᠣᠰᠬᠤᠨ ᠬᠤᠯᠪᠤᠭᠠᠯᠠᠭᠰᠠᠨ ᠬᠠᠮᠲᠤ ᠶᠢᠨ ᠠᠵᠤ ᠠᠬᠤᠢ ᠶᠢᠨ ᠲᠤᠲᠤᠷᠭ᠎ᠠ ᠡᠳ᠋ᠰᠢᠭᠦᠯᠬᠦ ᠦᠢᠯᠡᠳᠪᠦᠷᠢ ᠨᠢ ᠪᠦᠬᠦ ᠪᠠᠯᠭᠠᠰᠤᠨ ᠤ 6 ᠭᠠᠴᠠᠭᠠᠨ ᠤ 1.3 ᠲᠦᠮᠡᠨ ᠮᠦ ᠤᠰᠤᠨ ᠲᠤᠲᠤᠷᠭ᠎ᠠ ᠶᠢᠨ ᠲᠠᠷᠢᠮᠠᠯ ᠢ ᠳᠠᠶᠢᠴᠢᠯᠠᠵᠤ᠂ 10 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠬᠤᠪᠢᠶᠠᠷᠢᠯᠠᠯᠲᠠ 31.5 ᠲᠦᠮᠡᠨ ᠲᠥᠭᠦᠷᠢᠭ ᠲᠤ ᠬᠦᠷᠴᠦ᠂ 230 ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠵᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ᠃        ᠪᠠᠯᠭᠠᠰᠤᠨ ᠤ ᠨᠠᠮ ᠤᠨ ᠬᠤᠷᠢᠶ᠎ᠠ ᠪᠣᠯᠤᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠤᠨ ᠬᠠᠪᠰᠤᠷᠤᠯᠭ᠎ᠠ ᠳᠡᠮᠵᠢᠯᠭᠡ ᠳᠣᠣᠷ᠎ᠠ᠂ 125 ᠲᠦᠮᠡᠨ ᠲᠥᠭᠦᠷᠢᠭ ᠤᠨ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠪᠡᠯᠡ ᠮᠥᠩᠭᠦ ᠶᠢ ᠠᠮᠵᠢᠯᠲᠠ ᠲᠠᠢ ᠪᠠᠷ ᠲᠡᠮᠡᠴᠡᠨ ᠣᠯᠵᠤ᠂ ᠤᠰᠤᠨ ᠲᠤᠲᠤᠷᠭ᠎ᠠ ᠦᠢᠯᠡᠳᠪᠦᠷᠢᠯᠡᠵᠦ ᠡᠳ᠋ᠰᠢᠭᠦᠯᠬᠦ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠵᠦ᠂ ᠡᠭᠦᠨ ᠤ ᠤᠯᠠᠮ ᠢᠶᠠᠷ ᠤᠰᠤᠨ ᠲᠤᠲᠤᠷᠭ᠎ᠠ ᠲᠠᠷᠢᠬᠤ᠂ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠤᠬᠴᠠᠵᠢᠭᠤᠯᠬᠤ ᠶᠢ ᠪᠡᠶᠡᠯᠡᠭᠦᠯᠵᠦ᠂ ᠥᠩᠭᠡᠷᠡᠭᠰᠡᠨ ᠤ ᠤᠰᠤᠨ ᠲᠤᠲᠤᠷᠭ᠎ᠠ ᠲᠠᠷᠢᠵᠤ ᠲᠤᠲᠤᠷᠭ᠎ᠠ ᠬᠤᠳᠠᠯᠳᠤᠵᠤ ᠪᠠᠶᠢᠭᠰᠠᠨ ᠪᠠᠶᠢᠳᠠᠯ ᠢ ᠬᠤᠪᠢᠷᠠᠭᠤᠯᠪᠠ᠃ ᠲᠡᠭᠦᠨ ᠤ ᠴᠢᠷᠮᠠᠶᠢᠯᠭ᠎ᠠ ᠪᠠᠷ᠂ ᠲᠤᠬᠠᠢ ᠶᠢᠨ ᠭᠠᠵᠠᠷ ᠤᠨ ᠤᠰᠤᠨ ᠲᠤᠲᠤᠷᠭ᠎ᠠ ᠶᠢᠨ ᠤᠨᠠᠯᠲᠠ ᠶᠡᠬᠡᠪᠡᠷ ᠨᠡᠮᠡᠭᠳᠡᠵᠦ᠂ ᠶᠠᠰᠤ ᠴᠢᠨᠠᠷ ᠢᠯᠡᠳᠲᠡ ᠳᠡᠭᠡᠭᠰᠢᠯᠡᠵᠦ᠂ ᠲᠠᠷᠢᠶᠠᠴᠢᠳ ᠤᠨ ᠣᠷᠣᠯᠭ᠎ᠠ ᠴᠤ ᠳᠠᠭᠠᠯᠳᠤᠨ ᠨᠡᠮᠡᠭᠳᠡᠵᠦ᠂ ᠤᠯᠠᠨ ᠢ ᠳᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠪᠠ᠃ 2024 ᠣᠨ ᠳᠤ᠂ ᠭᠤᠤ ᠵᠥᠩ ᠱᠧᠩ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠤᠯᠠᠭᠠᠨᠬᠤᠲᠠ ᠶᠢᠨ ᠣᠯᠤᠭᠰᠠᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠪᠠᠷ ᠲᠦᠰᠢᠭ ᠪᠣᠯᠭᠠᠵᠤ᠂ ︽ᠲᠠᠷᠢᠶᠠᠯᠠᠩ ᠤᠨ ᠬᠤᠯᠪᠣᠭᠠᠲᠤ ᠴᠣᠭᠴᠠ · ᠬᠤᠷᠰᠢᠶ᠎ᠠ︾ ᠶᠢ ᠬᠥᠭᠵᠢᠭᠦᠯᠵᠦ᠂ ᠨᠡᠶᠢᠲᠡ 7000 ᠲᠣᠨ ᠲᠤᠲᠤᠷᠭ᠎ᠠ ᠬᠤᠳᠠᠯᠳᠤᠨ ᠠᠪᠴᠤ᠂ ᠲᠤᠲᠤᠷᠭ᠎ᠠ 3000 ᠲᠣᠨ᠂ ᠪᠣᠷᠣᠯᠠᠭᠤᠯᠤᠯᠲᠠ ᠶᠢᠨ ᠣᠷᠣᠯᠭ᠎ᠠ 2000 ᠲᠦᠮᠡᠨ ᠲᠥᠭᠦᠷᠢᠭ᠂ 40 ᠲᠦᠮᠡᠨ ᠲᠥᠭᠦᠷᠢᠭ ᠤᠨ ᠠᠰᠢᠭ ᠬᠤᠨᠵᠢᠪᠣᠷᠢ ᠲᠠᠢ᠂ ᠬᠠᠮᠲᠤ ᠶᠢᠨ ᠠᠵᠤ ᠠᠬᠤᠶ ᠶᠢ 8.75 ᠲᠦᠮᠡᠨ ᠲᠥᠭᠦᠷᠢᠭ ᠨᠡᠮᠡᠭᠳᠡᠭᠦᠯᠪᠡ᠃        ᠭᠤᠤ ᠵᠥᠩ ᠱᠧᠩ ᠤᠷᠢᠳ ᠬᠤᠵᠢᠳ ᠬᠢᠩᠭᠠᠨ ᠠᠶᠢᠮᠠᠭ ᠤᠨ ︽ᠰᠢᠶᠤᠤ ᠵᠢᠩ ᠮᠠᠶ᠋ᠢᠭ︾ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ᠂ 2020 ᠣᠨ ᠤ ᠤᠯᠠᠭᠠᠨᠬᠤᠲᠠ ᠶᠢᠨ ︽ᠵᠠᠯᠠᠭᠤ ᠪᠠᠶᠠᠵᠢᠯ ᠤᠨ ᠳᠠᠭᠠᠭᠤᠯᠤᠭᠴᠢ︾ ᠶᠢᠨ ᠴᠣᠯᠠ ᠶᠢ ᠭᠥᠷᠳᠡᠪᠡ᠃ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠨᠢ ᠲᠡᠭᠦᠨ ᠤ ᠦᠰᠦᠨ ᠪᠤᠶᠢᠵᠢᠬᠤ ᠪᠦᠬᠦ ᠶᠠᠪᠤᠴᠠ ᠳᠤ ᠬᠥᠮᠦᠵᠢᠭᠦᠯᠦᠯ ᠬᠦᠷᠲᠡᠭᠡᠵᠦ᠂ ᠦᠢᠯᠡᠰ ᠪᠤᠰᠬᠠᠬᠤ ᠠᠴᠠ ᠠᠵᠤ ᠦᠢᠯᠡᠰ ᠢ ᠥᠷᠭᠡᠳᠬᠡᠬᠦ ᠬᠦᠷᠲᠡᠯ᠎ᠡ᠂ ᠲᠡᠭᠦᠨ ᠳᠤ ᠪᠦᠬᠦ ᠲᠠᠯ᠎ᠠ ᠶᠢᠨ ᠳᠡᠮᠵᠢᠯᠭᠡ ᠬᠠᠩᠭᠠᠵᠤ᠂ ᠨᠠᠮ ᠤᠨ ᠭᠡᠰᠢᠭᠦᠨ ᠤ ᠦᠰᠦᠨ ᠪᠤᠶᠢᠵᠢᠬᠤ ᠳᠤ ᠦᠯᠢᠭᠡᠷ ᠳᠠᠭᠤᠷᠢᠶᠠᠯ ᠪᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠷᠬᠢᠮ ᠨᠠᠨᠳᠢᠨ ᠲᠤᠷᠰᠢᠯᠭ᠎ᠠ ᠬᠠᠩᠭᠠᠪᠠ᠃ ᠰᠢᠨ᠎ᠡ ᠴᠠᠭ ᠦᠶ᠎ᠡ ᠶᠢᠨ ᠠᠶᠠᠨ ᠵᠠᠮ ᠳᠤ᠂ ᠨᠡᠩ ᠤᠯᠠᠨ ᠨᠠᠮ ᠤᠨ ᠭᠡᠰᠢᠭᠦᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠲᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠲᠠᠷᠢᠶᠠᠴᠢᠳ ᠢ ᠬᠦᠳᠦᠯᠦᠨ ᠳᠠᠭᠠᠭᠤᠯᠵᠤ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠭᠤᠯᠬᠤ ᠶᠢ ᠬᠦᠰᠡᠵᠦ ᠪᠠᠶᠢᠨ᠎ᠠ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号