ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
        3 ᠰᠠᠷ᠎ᠠ ᠶᠢᠨ 25 ᠤ ᠡᠳᠦᠷ᠂ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠧᠩ ᠴᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠴᠢᠦ᠂ ᠭᠦᠸᠧ ᠵᠢᠶᠠ ᠴᠧᠩ ᠵᠢᠴᠢ ᠡᠯ᠎ᠡ ᠡᠲᠡᠭᠡᠳ ᠤᠨ ᠭᠡᠰᠢᠭᠦᠳ ᠤᠨ ᠳᠤᠭᠤᠶᠢᠯᠠᠩ ᠤᠨ ᠳᠠᠷᠤᠭ᠎ᠠ᠂ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ᠂ ᠵᠡᠭᠡᠯᠢ ᠭᠤᠳᠤᠮᠵᠢ ᠶᠢᠨ ᠨᠠᠮ ︵ᠠᠵᠢᠯ︶ ᠤᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠵᠥᠪᠯᠡᠯ ᠵᠢᠴᠢ ᠠᠯᠪᠠᠨ ᠬᠡᠷ ᠤᠨ ᠨᠥᠬᠦᠳ ᠬᠤᠷᠠᠯ ᠳᠤ ᠣᠷᠣᠯᠴᠠᠵᠠᠶ᠃ ᠭᠦᠸᠧ ᠵᠢᠶᠠ ᠴᠧᠩ ᠬᠤᠷᠠᠯ ᠢ ᠡᠷᠭᠢᠯᠡᠪᠡ᠃        ᠬᠤᠷᠠᠯ ᠳᠡᠭᠡᠷ᠎ᠡ ᠦᠨᠳᠦᠰᠦᠨ ᠱᠠᠲᠤᠨ ᠤ ᠵᠥᠪᠯᠡᠬᠦ ᠲᠠᠪᠴᠠᠩ ᠤᠨ ᠪᠠᠶᠢᠭᠤᠯᠤᠯᠲᠠ ᠵᠢᠴᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ᠂ ᠵᠡᠭᠡᠯᠢ ᠭᠤᠳᠤᠮᠵᠢ ᠶᠢᠨ ᠨᠠᠮ ︵ᠠᠵᠢᠯ︶ ᠤᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠣᠰ ᠨᠢᠭᠡᠴᠢ ᠶᠢᠨ ᠢᠶᠠᠨ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠪᠡ᠃        ᠬᠤᠷᠠᠯ ᠠᠴᠠ᠂ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ᠂ ᠵᠡᠭᠡᠯᠢ ᠭᠤᠳᠤᠮᠵᠢ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ᠠᠵᠢᠯ ᠢ ᠠᠬᠢᠭᠤᠯᠬᠤ ᠳᠤᠮᠳᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠥᠪᠯᠡᠬᠦ ᠲᠠᠪᠴᠠᠩ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽4+1︾ ᠵᠥᠪᠳᠡᠯᠴᠡᠨ ᠬᠡᠷᠡᠭ ᠵᠥᠪᠯᠡᠬᠦ ᠲᠠᠪᠴᠠᠩ ᠤᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠵᠥᠪᠯᠡᠬᠦ ᠶᠠᠪᠤᠴᠠ ᠶᠢ ᠵᠢᠷᠤᠮᠵᠢᠭᠤᠯᠵᠤ᠂ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠵᠦ᠂ ︽ᠵᠥᠪᠳᠡᠯᠴᠡᠬᠦ - ᠲᠤᠰᠢᠶᠠᠨ ᠥᠭᠬᠦ - ᠱᠠᠯᠠᠪᠳᠠᠭᠤᠯᠤᠨ ᠭᠦᠢᠴᠡᠳᠭᠡᠬᠦ - ᠬᠠᠷᠢᠭᠤ ᠲᠤᠰᠬᠠᠬᠤ︾ ᠪᠢᠲᠡᠭᠦᠦ ᠴᠠᠭᠠᠷᠢᠭ ᠤᠨ ᠲᠣᠭᠲᠠᠴᠠ ᠶᠢ ᠪᠠᠶᠢᠭᠤᠯᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠤᠯᠠᠨ ᠡᠰᠢᠴᠢᠯᠡᠭᠰᠡᠨ ᠬᠠᠮᠲᠤᠪᠠᠷ ᠵᠠᠰᠠᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠨᠳᠦᠰᠦᠨ ᠱᠠᠲᠤᠨ ᠤ ᠵᠥᠪᠯᠡᠬᠦ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠲᠦᠷᠦᠭᠦᠯᠡᠨ ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠭᠡᠰᠢᠭᠦᠳ ᠤᠨ ᠳᠤᠭᠤᠶᠢᠯᠠᠩ ᠭᠡᠰᠢᠭᠦᠳ ᠢᠶᠠᠨ ᠢᠳᠡᠪᠬᠢᠲᠡᠢ ᠲᠠᠶᠢᠴᠢᠯᠠᠨ ᠦᠨᠳᠦᠰᠦᠨ ᠱᠠᠲᠤᠨ ᠤ ᠵᠥᠪᠳᠡᠯᠴᠡᠭᠡ ᠳᠤ ᠣᠷᠣᠯᠴᠠᠭᠤᠯᠵᠤ᠂ ᠡᠯ᠎ᠡ ᠪᠠᠯᠭᠠᠰᠤ ᠵᠡᠭᠡᠯᠢ ᠶᠢᠨ ᠨᠠᠮ ᠤᠨ ︵ᠠᠵᠢᠯ︶ ᠬᠤᠷᠢᠶ᠎ᠠ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ ᠪᠠ ᠭᠤᠣᠯ ᠠᠵᠢᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠤᠨᠴᠠᠯᠢᠬᠳᠤ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠵᠦ᠂ ︽ᠤᠴᠢᠷ ᠪᠠᠶᠢᠪᠠᠯ ᠰᠠᠶᠢᠲᠤᠷ ᠵᠥᠪᠳᠡᠯᠴᠡᠬᠦ︾ ᠨᠡᠶᠢᠭᠡᠮ ᠤᠨ ᠬᠠᠮᠲᠤ ᠶᠢᠨ ᠲᠠᠨᠢᠯᠲᠠ ᠶᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号