ᠤᠯᠠᠭᠠᠨᠬᠤᠲᠠ 2025 ᠣᠨ ᠤ ᠡᠷᠦᠬᠡ ᠶᠢᠨ ᠴᠡᠷᠢᠭ ᠤᠨ ᠠᠵᠢᠯ ᠤᠨ ᠡᠭᠦᠷᠭᠡ ᠶᠢ ᠪᠠᠶᠢᠷᠢᠯᠠᠭᠤᠯᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
        3 ᠰᠠᠷ᠎ᠠ ᠶᠢᠨ 25 ᠤ ᠡᠳᠦᠷ᠂ ᠤᠯᠠᠭᠠᠨᠬᠤᠲᠠ 2025 ᠣᠨ ᠤ ᠡᠷᠦᠬᠡ ᠶᠢᠨ ᠴᠡᠷᠢᠭ ᠤᠨ ᠠᠵᠢᠯ ᠤᠨ ᠡᠭᠦᠷᠭᠡ ᠶᠢ ᠪᠠᠶᠢᠷᠢᠯᠠᠭᠤᠯᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ 2024 ᠣᠨ ᠤ ᠡᠷᠦᠬᠡ ᠶᠢᠨ ᠴᠡᠷᠢᠭ ᠤᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠺᠣᠮᠢᠰᠰᠡᠷ ᠴᠧ ᠯᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃        ᠬᠤᠷᠠᠯ ᠠᠴᠠ᠂ ᠡᠷᠦᠬᠡ ᠶᠢᠨ ᠴᠡᠷᠢᠭ ᠨᠢ ᠮᠠᠨ ᠤ ᠤᠯᠤᠰ ᠤᠨ ᠵᠡᠪᠰᠡᠭᠲᠦ ᠬᠦᠴᠦᠨ ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠲᠤ ᠪᠠᠬᠢ ᠲᠦᠰᠢᠭ ᠲᠤᠯᠭᠠᠭᠤᠷᠢ ᠶᠣᠮ᠂ ᠡᠯ᠎ᠡ ᠪᠠᠶᠢᠭᠤᠯᠭ᠎ᠠ ᠨᠢᠭᠡᠴᠢ ᠡᠷᠬᠡᠪᠰᠢ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠡᠷᠦᠬᠡ ᠶᠢᠨ ᠴᠡᠷᠢᠭ ᠤᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦ ᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠶᠡᠭᠡ ᠲᠠᠯ᠎ᠠ ᠠᠴᠠ ᠡᠭᠦᠰᠴᠦ᠂ ᠡᠷᠦᠬᠡ ᠶᠢᠨ ᠴᠡᠷᠢᠭ ᠤᠨ ᠠᠵᠢᠯ ᠢ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠡᠷᠢᠭ ᠠᠩᠬᠢ ᠪᠠ ᠣᠷᠣᠨ ᠨᠤᠲᠤᠭ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠵᠢᠯᠴᠠᠨ ᠠᠬᠢᠭᠤᠯᠬᠤ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠶᠢᠷ᠎ᠠ ᠶᠢᠨ ᠵᠢᠯ ᠤᠳ ᠲᠤ ᠪᠠᠶᠢᠴᠠᠭᠠᠵᠤ ᠵᠠᠷᠯᠠᠨ ᠮᠡᠳᠡᠭᠳᠡᠬᠦ ᠳᠤᠮᠳᠠ ᠢᠯᠡᠷᠡᠭᠰᠡᠨ ᠠᠰᠠᠭᠤᠳᠠᠯ ᠪᠠ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ ᠪᠥᠬᠦ ᠲᠠᠯ᠎ᠠ ᠪᠠᠷ ᠡᠮᠬᠢᠯᠡᠵᠦ ᠭᠦᠨᠵᠡᠭᠡᠶ ᠲᠤᠩᠭᠠᠨ ᠪᠣᠳᠣᠯᠬᠢᠯᠠᠵᠤ᠂ ᠦᠨᠡᠨ ᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ︽ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢᠨ ᠠᠵᠢᠯ ᠤᠨ ᠬᠡᠷᠡᠭᠵᠢᠭᠦᠯᠬᠦ ᠠᠷᠭ᠎ᠠ︾ ᠪᠣᠯᠤᠨ ᠪᠥᠬᠦ ᠬᠤᠲᠠ ᠶᠢᠨ ᠨᠢᠭᠡᠳᠦᠯᠲᠡᠶ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠡᠯ᠎ᠡ ᠱᠠᠲᠤᠨ ᠤ ᠡᠭᠦᠷᠭᠡ ᠶᠢᠨ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠪᠣᠯᠤᠨ ᠠᠵᠢᠯ ᠤᠨ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠢᠭᠡ ᠰᠠᠯᠠᠭ᠎ᠠ ᠠᠵᠢᠯᠲᠠᠨ ᠨᠢ ᠪᠦᠷᠢᠨ᠂ ᠲᠤᠰᠬᠠᠶ ᠮᠡᠷᠭᠡᠵᠢᠯ ᠨᠠᠷᠢᠯᠢᠭ᠂ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠯ ᠲᠦᠷᠭᠡᠨ᠂ ᠪᠣᠯᠪᠠᠰᠤᠷᠠᠯ ᠰᠠᠶᠢᠲᠠᠶ ᠰᠢᠯᠢᠳᠡᠭ ᠡᠷᠦᠬᠡ ᠶᠢᠨ ᠴᠡᠷᠢᠭ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠣᠨ ᠤ ᠡᠷᠦᠬᠡ ᠶᠢᠨ ᠴᠡᠷᠢᠭ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号