| ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠪᠣᠬᠢᠷᠲᠤᠯ ᠥᠬᠡᠶ ᠠᠮᠢ ᠠᠬᠤᠶ ᠶᠢᠨ | ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠡᠳᠦᠭᠡ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶ᠎ᠠ | ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠭᠠᠯ ᠰᠡᠷᠭᠡᠶᠢᠯᠡᠬᠦ ᠴᠠᠭ ᠬᠤᠭᠤᠴᠠᠭ᠎ᠠ᠄ | ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ᠄ 3 ᠰᠠᠷ᠎ᠠ ᠶᠢᠨ 15 ᠤ ᠡᠳᠦᠷ ᠠᠴᠠ 6 | ᠰᠠᠷ᠎ᠠ ᠶᠢᠨ 15 ᠤ ᠡᠳᠦᠷ ᠪᠣᠯᠲᠠᠯ᠎ᠠ ᠶᠠᠪᠤᠭᠳᠠᠨ᠎ᠠ᠃ | ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠄ 3 ᠰᠠᠷ᠎ᠠ ᠶᠢᠨ | 31 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃ | ᠬᠤᠶᠠᠷ᠂ ᠭᠠᠯ ᠴᠠᠭᠠᠵᠠᠯᠠᠬᠤ ᠬᠡᠪᠴᠢᠶ᠎ᠡ᠄ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠣᠷᠣᠨ ᠪᠦᠰᠡ ᠪᠠᠭᠲᠠᠨ᠎ᠠ᠃ | ᠭᠤᠷᠪᠠ᠂ ᠭᠠᠯ ᠴᠠᠭᠠᠵᠠᠯᠠᠬᠤ ᠱᠠᠭᠠᠷᠳᠠᠯᠭ᠎ᠠ᠄ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠬᠤᠭᠤᠴᠠᠭ᠎ᠠ ᠪᠠ ᠭᠠᠯ ᠰᠡᠷᠭᠡᠶᠢᠯᠡᠬᠦ ᠣᠷᠣᠨ ᠤ ᠳᠣᠲᠣᠷ᠎ᠠ ᠵᠥᠪᠰᠢᠶᠡᠷᠡᠯ ᠦᠭᠡᠢ ᠪᠠᠷ ᠬᠡᠭᠡᠷ᠎ᠡ ᠭᠠᠳᠠᠨ᠎ᠠ ᠭᠠᠯ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠴᠥᠮ | ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ | ᠳᠥᠷᠪᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠡᠭᠦᠷᠭᠡ ᠪᠣᠯᠬᠤ ᠲᠤᠯᠠ᠂ | ᠶᠠᠮᠠᠷᠪᠠ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠪᠠᠶᠢᠴᠠᠭᠠᠯᠲᠠ ᠪᠣᠯᠤᠨ ᠤᠬᠠᠭᠤᠯᠭ᠎ᠠ ᠬᠥᠮᠦᠵᠢᠯ ᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ | ᠲᠠᠪᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠬᠡᠭᠡᠷ᠎ᠡ ᠭᠠᠳᠠᠨ᠎ᠠ | ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠣᠷᠣᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠄ | ︵ᠨᠢᠭᠡ︶ ᠲᠠᠮᠠᠬᠢ ᠲᠠᠲᠠᠬᠤ᠂ ᠲᠠᠮᠠᠬᠢ ᠶᠢᠨ ᠶᠣᠭᠤᠵᠤᠷ ᠢᠶᠠᠨ ᠡᠷᠦᠢ ᠬᠤᠷᠤᠢ ᠦᠭᠡᠢ ᠬᠠᠶᠠᠬᠤ | ᠠᠵᠢᠯᠯᠠᠭ᠎ᠠ᠃ | ︵ᠬᠤᠶᠠᠷ︶ ᠬᠡᠭᠡᠷ᠎ᠡ ᠭᠠᠳᠠᠨ᠎ᠠ ᠣᠩᠭᠤᠨ ᠳᠡᠭᠡᠷ᠎ᠡ ᠴᠠᠭᠠᠰᠤ ᠰᠢᠲᠠᠭᠠᠬᠤ᠂ ᠬᠦᠵᠢ ᠠᠰᠠᠭᠠᠬᠤ᠂ ᠬᠤᠸᠠᠷ | ᠫᠤᠤᠵᠢᠩ ᠲᠠᠯᠪᠢᠬᠤ᠂ ᠳᠠᠬᠢᠯᠭ᠎ᠠ ᠳᠤ ᠭᠠᠯ ᠬᠡᠷᠡᠭᠯᠡᠬᠦ ᠠᠵᠢᠯᠯᠠᠭ᠎ᠠ᠃ | ︵ᠭᠤᠷᠪᠠ︶ ᠬᠡᠭᠡᠷ᠎ᠡ ᠭᠠᠳᠠᠨ᠎ᠠ ᠡᠰᠢ ᠰᠦᠷᠡᠯ ᠢ ᠰᠢᠲᠠᠭᠠᠬᠤ᠂ ᠬᠠᠳᠤᠯᠠᠩ ᠪᠡᠯᠴᠢᠭᠡᠷ ᠢ ᠰᠢᠲᠠᠭᠠᠬᠤ᠂ | ᠬᠤᠭ ᠨᠣᠪᠰᠢ ᠶᠢ ᠰᠢᠲᠠᠭᠠᠬᠤ ᠵᠡᠷᠭᠡ ᠠᠵᠢᠯᠯᠠᠭ᠎ᠠ᠃ | ︵ᠲᠦᠷᠪᠡ︶ ᠬᠡᠭᠡᠷ᠎ᠡ ᠭᠠᠳᠠᠨ᠎ᠠ ᠭᠠᠯ ᠨᠣᠴᠤᠭᠠᠵᠤ ᠪᠣᠳᠠᠭ᠎ᠠ ᠬᠢᠬᠦ᠂ ᠭᠠᠯ ᠲᠦᠯᠡᠵᠦ ᠳᠤᠯᠠᠭᠠᠴᠠᠬᠤ᠂ ᠭᠠᠯ | ᠢᠶᠠᠷ ᠨᠠᠭᠠᠳᠬᠤ᠂ ᠭᠠᠯ ᠨᠣᠴᠤᠭᠠᠵᠤ ᠭᠡᠷᠡᠯ ᠭᠠᠷᠭᠠᠬᠤ ᠠᠵᠢᠯᠯᠠᠭ᠎ᠠ᠃ | ︵ᠲᠠᠪᠤ︶ ᠵᠥᠪᠰᠢᠶᠡᠷᠡᠯ ᠦᠭᠡᠢ ᠪᠠᠷ ᠬᠤᠪᠢ ᠪᠠᠷ ᠢᠶᠠᠨ ᠴᠠᠬᠢᠯᠭᠠᠨ ᠤᠳᠠᠰᠤ ᠲᠠᠲᠠᠵᠤ ᠵᠠᠯᠭᠠᠬᠤ | ᠠᠵᠢᠯᠯᠠᠭ᠎ᠠ᠃ | ︵ᠵᠢᠷᠭᠤᠭ᠎ᠠ︶ ᠲᠣᠭᠲᠠᠭᠠᠯ ᠠᠴᠠ ᠵᠥᠷᠢᠴᠡᠨ ᠨᠣᠴᠣᠮᠠᠲᠠᠭᠠᠢ᠂ ᠳᠡᠯᠪᠡᠷᠡᠮᠡᠲᠦᠭᠡᠢ᠂ ᠠᠶᠤᠯᠲᠠᠢ ᠪᠣᠳᠠᠰ ᠢ | ᠬᠠᠳᠠᠭᠠᠯᠠᠬᠤ ᠠᠵᠢᠯᠯᠠᠭ᠎ᠠ᠃ | ︵ᠳᠤᠯᠤᠭ᠎ᠠ︶ ᠲᠡᠷᠭᠡ ᠬᠥᠰᠬᠡ ᠳᠤ ᠭᠠᠯ ᠰᠡᠷᠭᠡᠶᠢᠯᠡᠬᠦ ᠮᠠᠯᠠᠭᠠᠢ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ | ᠲᠣᠬᠢᠷᠠᠭᠤᠯᠤᠭ᠎ᠠ ᠥᠬᠡᠶ ᠠᠵᠢᠯᠯᠠᠭ᠎ᠠ᠃ | ︵ᠨᠠᠢᠮᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠢᠯᠪᠠᠷᠬᠠᠨ ᠡᠭᠦᠰᠭᠡᠬᠦ ᠠᠰᠢᠭ | ᠦᠭᠡᠢ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠵᠢᠷᠭᠤᠭ᠎ᠠ᠂ ᠡᠯ᠎ᠡ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠬᠠᠮᠢᠶ᠎ᠠ ᠪᠦᠬᠦᠢ ᠭᠡᠰᠢᠭᠦᠨ | ᠨᠢᠭᠡᠴᠢ ᠨᠦᠭᠦᠳ ᠬᠠᠷᠢᠶ᠎ᠠ ᠣᠷᠣᠨ ᠤ ᠪᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ | ︵ᠨᠢᠭᠡ︶ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠤᠨ ᠬᠤᠤᠷ ᠬᠥᠨᠥᠭᠡᠯᠲᠦ | ᠴᠢᠨᠠᠷ ᠪᠠ ᠭᠠᠯ ᠰᠡᠷᠭᠡᠶᠢᠯᠡᠵᠦ ᠤᠨᠲᠠᠷᠠᠭᠠᠬᠤ ᠮᠡᠳᠡᠯᠭᠡ ᠪᠠᠷ ᠭᠤᠤᠯᠳᠠᠯᠭ᠎ᠠ ᠪᠣᠯᠭᠠᠨ᠂ ᠬᠠᠷᠢᠶ᠎ᠠ ᠣᠷᠣᠨ ᠤ ᠪᠠᠨ | ᠳᠣᠲᠣᠷᠠᠬᠢ ᠪᠣᠶ ᠪᠥᠬᠦᠶ ᠰᠠᠭᠤᠭᠠᠯᠢ ᠠᠷᠠᠳ᠂ ᠮᠠᠯᠵᠢᠬᠤ ᠡᠷᠦᠬᠡ᠂ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ ᠳᠤ ᠤᠬᠠᠭᠤᠯᠭ᠎ᠠ ᠬᠢᠵᠦ᠂ ᠮᠠᠯᠴᠢᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠨ᠂ | ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠪᠠ ᠠᠷᠭ᠎ᠠ ᠪᠠᠷᠢᠯ ᠢ ᠭᠦᠢᠴᠡᠳ ᠠᠰᠢᠭᠯᠠᠨ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠪᠠ ᠶᠡᠷᠦ ᠶᠢᠨ ᠮᠡᠳᠡᠯᠭᠡ ᠶᠢ ᠶᠡᠬᠡᠪᠡᠷ | ᠲᠦᠭᠡᠮᠡᠯᠵᠢᠭᠦᠯᠬᠦ ᠬᠡᠷᠡᠭᠲᠡᠶ᠃ | ︵ᠬᠤᠶᠠᠷ︶ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠣᠷᠣᠨ ᠳᠤ ᠳᠠᠯᠳᠠ | ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠂ ᠢᠯᠠᠩᠭᠤᠶ᠎ᠠ ︽ᠬᠠᠩᠰᠢ ᠶᠢᠨ ᠡᠳᠦᠷ︾᠂ ︽ | ᠬᠥᠳᠡᠯᠮᠦᠷᠢᠴᠢᠳ ᠤᠨ ᠪᠠᠶᠠᠷ︾ ᠤᠨ ᠬᠤᠭᠤᠴᠠᠭᠠᠨ ᠳᠤ᠂ ᠬᠠᠷᠢᠶ᠎ᠠ ᠭᠠᠵᠠᠷ ᠤᠨ ᠭᠤᠣᠯᠳᠠᠯᠭ᠎ᠠ ᠲᠠᠢ ᠲᠦᠷᠦᠯ | ᠵᠦᠢᠯ ᠤᠨ ᠣᠷᠣᠨ᠂ ᠨᠡᠶᠢᠲᠡ ᠶᠢᠨ ᠣᠩᠭᠤᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ ᠳᠤ | ᠭᠦᠨᠵᠡᠭᠡᠶᠢᠷᠡᠵᠦ᠂ ᠪᠦᠬᠦᠯᠢ ᠡᠳᠦᠷ ᠢᠶᠠᠷ ᠲᠣᠭᠤᠷᠢᠨ ᠪᠠᠶᠢᠴᠠᠭᠠᠵᠤ ᠴᠢᠩᠭ᠎ᠠ ᠬᠢᠵᠠᠭᠠᠷᠯᠠᠬᠤ ᠬᠡᠷᠡᠭᠲᠡᠢ᠃ | ︵ᠭᠤᠷᠪᠠ︶ ᠭᠤᠤᠯᠳᠠᠯᠭ᠎ᠠ ᠲᠠᠢ ᠬᠥᠮᠦᠰ ᠤᠨ ᠠᠵᠢᠯ ᠢ ᠰᠠᠶᠢᠲᠤᠷ ᠬᠢᠵᠦ᠂ ᠬᠡᠤᠬᠡᠳ᠂ ᠣᠶᠤᠨ ᠤ | ᠰᠠᠭᠠᠳ ᠲᠠᠢ ᠬᠥᠮᠦᠰ ᠲᠡᠨᠦᠭᠦᠯᠴᠢᠨ ᠵᠡᠷᠭᠡ ᠣᠨᠴᠠᠭᠠᠶ ᠬᠥᠮᠦᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ | ᠬᠡᠷᠡᠭᠲᠡᠶ᠃ | ᠳᠣᠯᠤᠭ᠎ᠠ᠂ ᠡᠯ᠎ᠡ ᠱᠠᠲᠤᠨ ᠤ ᠭᠠᠯ ᠰᠡᠷᠭᠡᠶᠢᠯᠡᠬᠦ ᠪᠠᠶᠢᠭᠤᠯᠭ᠎ᠠ ᠨᠢᠭᠡᠴᠢ 24 ᠴᠠᠭ ᠢᠶᠠᠷ ᠵᠢᠵᠢᠭᠦᠷᠯᠡᠬᠦ᠂ | ᠤᠳᠤᠷᠢᠳᠤᠯᠭ᠎ᠠ ᠳᠠᠭᠠᠭᠤᠯᠬᠤ᠂ ᠲᠡᠷᠭᠡ ᠬᠥᠰᠬᠡ ᠵᠠᠷᠯᠢᠭ ᠬᠦᠯᠢᠶᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠮᠡᠭᠡ | ᠨᠡᠪᠲᠡᠷᠡᠯᠭᠡ ᠶᠢᠨ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠨ᠂ ᠭᠠᠯ ᠰᠡᠷᠭᠡᠶᠢᠯᠡᠬᠦ ᠮᠡᠳᠡᠭᠡ | ᠵᠠᠩᠭᠢ ᠶᠢᠨ ᠮᠡᠳᠡᠭᠦᠯᠬᠦ ᠳᠡᠰ ᠳᠠᠷᠠᠭᠠᠯᠠᠯ ᠢ ᠴᠢᠩᠳᠠᠯᠠᠬᠤ ᠬᠡᠷᠡᠭᠲᠡᠶ᠃ | ᠨᠠᠢᠮᠠ᠂ ᠪᠦᠬᠦ ᠬᠤᠲᠠ ᠶᠢᠨ ᠡᠯ᠎ᠡ ᠱᠠᠲᠤᠨ ᠤ ᠺᠠᠳ᠋ᠷ ᠣᠯᠠᠨ ᠲᠦᠮᠡᠨ ᠭᠠᠯ ᠤᠨ ᠠᠶᠤᠯ ᠤᠨ ᠬᠤᠣᠷ | ᠬᠥᠨᠥᠭᠡᠯᠲᠦ ᠴᠢᠨᠠᠷ ᠪᠠ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ︽ᠭᠠᠯ ᠰᠡᠷᠭᠡᠶᠢᠯᠡᠬᠦ ᠠᠵᠢᠯ ᠳᠤ ᠬᠥᠮᠥᠨ | ᠪᠦᠬᠦᠨ ᠬᠠᠷᠢᠭᠤᠴᠠᠯᠭ᠎ᠠ ᠲᠠᠢ︾ ᠪᠠ ︽ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ︾ | ᠤᠬᠠᠮᠰᠠᠷ ᠢᠶᠠᠨ ᠳᠡᠭᠡᠭᠰᠢᠯᠡᠭᠦᠯᠵᠦ᠂ ᠬᠠᠷᠢᠯᠴᠠᠨ ᠬᠢᠨᠠᠯᠲᠠ ᠲᠠᠯᠪᠢᠵᠤ᠂ ᠭᠠᠯ ᠤᠨ ᠠᠶᠤᠯ ᠤᠨ ᠮᠡᠳᠡᠭᠳᠡᠯ ᠤᠨ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠭᠠᠯ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ | ᠳᠡᠭᠡᠭᠰᠢ ᠮᠡᠳᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠬᠡᠷᠡᠭᠲᠡᠢ᠃ | ᠶᠢᠰᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶ᠎ᠠ ᠪᠦᠬᠦᠢ ᠲᠣᠭᠲᠠᠭᠠᠯ ᠢ | ᠵᠥᠷᠢᠴᠡᠭᠰᠡᠳ ᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ | ᠬᠠᠤᠯᠢ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠦᠢᠯᠡ ᠪᠠᠶᠢᠳᠠᠯ ᠢ ᠨᠢ ᠦᠵᠡᠵᠦ ᠪᠠᠶᠢᠭᠠᠳ | ᠰᠡᠷᠡᠮᠵᠢᠯᠡᠭᠦᠯᠬᠦ᠂ ᠵᠣᠭᠤᠰ ᠢᠶᠠᠷ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠪᠠᠷ ᠰᠢᠳᠭᠡᠨ᠎ᠡ᠃ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠳ᠂ ᠬᠠᠤᠯᠢ ᠲᠣᠭᠲᠠᠭᠠᠯ ᠶᠣᠰᠤᠭᠠᠷ ᠢᠶᠠᠷ ᠣᠶ ᠰᠢᠭᠤᠶ | ᠨᠤᠲᠤᠭ ᠪᠡᠯᠴᠢᠭᠡᠷ ᠤᠨ ᠬᠤᠬᠢᠷᠠᠯ ᠢ ᠲᠥᠯᠥᠵᠦ᠂ ᠶᠠᠯ᠎ᠠ ᠬᠢᠭᠰᠡᠳ ᠠᠴᠠ ᠬᠠᠤᠯᠢ ᠲᠣᠭᠲᠠᠭᠠᠯ ᠶᠣᠰᠤᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠡᠷᠡᠭ ᠮᠡᠳᠡᠭᠦᠯᠬᠦ ᠤᠲᠠᠰᠤ᠄ | 12119 ᠪᠣᠯᠤᠨ᠎ᠠ᠃ | ᠭᠠᠯ ᠰᠡᠷᠭᠡᠶᠢᠯᠡᠵᠦ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠵᠢᠵᠢᠭᠦᠷᠯᠡᠬᠦ ᠤᠲᠠᠰᠤ᠄ | 0482 - 8822119 ᠪᠣᠯᠤᠨ᠎ᠠ᠃ | | | |