ᠦᠰᠦᠭ ᠪᠢᠴᠢᠭ ᠢᠶᠠᠷ ᠦᠭᠦᠯᠡᠬᠦᠢ᠄ ᠤᠯᠠᠭᠠᠨᠬᠤᠲᠠ ᠶᠢᠨ 2025 ᠣᠨ ᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2025/3/27
        ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠪᠣᠬᠢᠷᠲᠤᠯ ᠥᠬᠡᠶ ᠠᠮᠢ ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄        ᠨᠢᠭᠡ᠂ ᠭᠠᠯ ᠰᠡᠷᠭᠡᠶᠢᠯᠡᠬᠦ ᠴᠠᠭ ᠬᠤᠭᠤᠴᠠᠭ᠎ᠠ᠄        ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ᠄ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ ᠶᠠᠪᠤᠭᠳᠠᠨ᠎ᠠ᠃        ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠄ 3 ᠰᠠᠷ᠎ᠠ ᠶᠢᠨ 31 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃        ᠬᠤᠶᠠᠷ᠂ ᠭᠠᠯ ᠴᠠᠭᠠᠵᠠᠯᠠᠬᠤ ᠬᠡᠪᠴᠢᠶ᠎ᠡ᠄ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠦᠰᠡ ᠪᠠᠭᠲᠠᠨ᠎ᠠ᠃        ᠭᠤᠷᠪᠠ᠂ ᠭᠠᠯ ᠴᠠᠭᠠᠵᠠᠯᠠᠬᠤ ᠱᠠᠭᠠᠷᠳᠠᠯᠭ᠎ᠠ᠄ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠠ ᠭᠠᠯ ᠰᠡᠷᠭᠡᠶᠢᠯᠡᠬᠦ ᠣᠷᠣᠨ ᠤ ᠳᠣᠲᠣᠷ᠎ᠠ ᠵᠥᠪᠰᠢᠶᠡᠷᠡᠯ ᠦᠭᠡᠢ ᠪᠠᠷ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠴᠥᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃        ᠳᠥᠷᠪᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠡᠭᠦᠷᠭᠡ ᠪᠣᠯᠬᠤ ᠲᠤᠯᠠ᠂ ᠶᠠᠮᠠᠷᠪᠠ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠴᠠᠭᠠᠯᠲᠠ ᠪᠣᠯᠤᠨ ᠤᠬᠠᠭᠤᠯᠭ᠎ᠠ ᠬᠥᠮᠦᠵᠢᠯ ᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃        ᠲᠠᠪᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠄        ︵ᠨᠢᠭᠡ︶ ᠲᠠᠮᠠᠬᠢ ᠲᠠᠲᠠᠬᠤ᠂ ᠲᠠᠮᠠᠬᠢ ᠶᠢᠨ ᠶᠣᠭᠤᠵᠤᠷ ᠢᠶᠠᠨ ᠡᠷᠦᠢ ᠬᠤᠷᠤᠢ ᠦᠭᠡᠢ ᠬᠠᠶᠠᠬᠤ ᠠᠵᠢᠯᠯᠠᠭ᠎ᠠ᠃        ︵ᠬᠤᠶᠠᠷ︶ ᠬᠡᠭᠡᠷ᠎ᠡ ᠭᠠᠳᠠᠨ᠎ᠠ ᠣᠩᠭᠤᠨ ᠳᠡᠭᠡᠷ᠎ᠡ ᠴᠠᠭᠠᠰᠤ ᠰᠢᠲᠠᠭᠠᠬᠤ᠂ ᠬᠦᠵᠢ ᠠᠰᠠᠭᠠᠬᠤ᠂ ᠬᠤᠸᠠᠷ ᠫᠤᠤᠵᠢᠩ ᠲᠠᠯᠪᠢᠬᠤ᠂ ᠳᠠᠬᠢᠯᠭ᠎ᠠ ᠳᠤ ᠭᠠᠯ ᠬᠡᠷᠡᠭᠯᠡᠬᠦ ᠠᠵᠢᠯᠯᠠᠭ᠎ᠠ᠃        ︵ᠭᠤᠷᠪᠠ︶ ᠬᠡᠭᠡᠷ᠎ᠡ ᠭᠠᠳᠠᠨ᠎ᠠ ᠡᠰᠢ ᠰᠦᠷᠡᠯ ᠢ ᠰᠢᠲᠠᠭᠠᠬᠤ᠂ ᠬᠠᠳᠤᠯᠠᠩ ᠪᠡᠯᠴᠢᠭᠡᠷ ᠢ ᠰᠢᠲᠠᠭᠠᠬᠤ᠂ ᠬᠤᠭ ᠨᠣᠪᠰᠢ ᠶᠢ ᠰᠢᠲᠠᠭᠠᠬᠤ ᠵᠡᠷᠭᠡ ᠠᠵᠢᠯᠯᠠᠭ᠎ᠠ᠃        ︵ᠲᠦᠷᠪᠡ︶ ᠬᠡᠭᠡᠷ᠎ᠡ ᠭᠠᠳᠠᠨ᠎ᠠ ᠭᠠᠯ ᠨᠣᠴᠤᠭᠠᠵᠤ ᠪᠣᠳᠠᠭ᠎ᠠ ᠬᠢᠬᠦ᠂ ᠭᠠᠯ ᠲᠦᠯᠡᠵᠦ ᠳᠤᠯᠠᠭᠠᠴᠠᠬᠤ᠂ ᠭᠠᠯ  ᠢᠶᠠᠷ ᠨᠠᠭᠠᠳᠬᠤ᠂ ᠭᠠᠯ ᠨᠣᠴᠤᠭᠠᠵᠤ ᠭᠡᠷᠡᠯ ᠭᠠᠷᠭᠠᠬᠤ ᠠᠵᠢᠯᠯᠠᠭ᠎ᠠ᠃        ︵ᠲᠠᠪᠤ︶ ᠵᠥᠪᠰᠢᠶᠡᠷᠡᠯ ᠦᠭᠡᠢ ᠪᠠᠷ ᠬᠤᠪᠢ ᠪᠠᠷ ᠢᠶᠠᠨ ᠴᠠᠬᠢᠯᠭᠠᠨ ᠤᠳᠠᠰᠤ ᠲᠠᠲᠠᠵᠤ ᠵᠠᠯᠭᠠᠬᠤ ᠠᠵᠢᠯᠯᠠᠭ᠎ᠠ᠃        ︵ᠵᠢᠷᠭᠤᠭ᠎ᠠ︶ ᠲᠣᠭᠲᠠᠭᠠᠯ ᠠᠴᠠ ᠵᠥᠷᠢᠴᠡᠨ ᠨᠣᠴᠣᠮᠠᠲᠠᠭᠠᠢ᠂ ᠳᠡᠯᠪᠡᠷᠡᠮᠡᠲᠦᠭᠡᠢ᠂ ᠠᠶᠤᠯᠲᠠᠢ ᠪᠣᠳᠠᠰ ᠢ ᠬᠠᠳᠠᠭᠠᠯᠠᠬᠤ ᠠᠵᠢᠯᠯᠠᠭ᠎ᠠ᠃        ︵ᠳᠤᠯᠤᠭ᠎ᠠ︶ ᠲᠡᠷᠭᠡ ᠬᠥᠰᠬᠡ ᠳᠤ ᠭᠠᠯ ᠰᠡᠷᠭᠡᠶᠢᠯᠡᠬᠦ ᠮᠠᠯᠠᠭᠠᠢ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠭ᠎ᠠ ᠥᠬᠡᠶ ᠠᠵᠢᠯᠯᠠᠭ᠎ᠠ᠃        ︵ᠨᠠᠢᠮᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠢᠯᠪᠠᠷᠬᠠᠨ ᠡᠭᠦᠰᠭᠡᠬᠦ ᠠᠰᠢᠭ ᠦᠭᠡᠢ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ᠵᠢᠷᠭᠤᠭ᠎ᠠ᠂ ᠡᠯ᠎ᠡ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠬᠠᠮᠢᠶ᠎ᠠ ᠪᠦᠬᠦᠢ ᠭᠡᠰᠢᠭᠦᠨ ᠨᠢᠭᠡᠴᠢ ᠨᠦᠭᠦᠳ ᠬᠠᠷᠢᠶ᠎ᠠ ᠣᠷᠣᠨ ᠤ ᠪᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃        ︵ᠨᠢᠭᠡ︶ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠤᠨ ᠬᠤᠤᠷ ᠬᠥᠨᠥᠭᠡᠯᠲᠦ ᠴᠢᠨᠠᠷ ᠪᠠ ᠭᠠᠯ ᠰᠡᠷᠭᠡᠶᠢᠯᠡᠵᠦ ᠤᠨᠲᠠᠷᠠᠭᠠᠬᠤ ᠮᠡᠳᠡᠯᠭᠡ ᠪᠠᠷ ᠭᠤᠤᠯᠳᠠᠯᠭ᠎ᠠ ᠪᠣᠯᠭᠠᠨ᠂ ᠬᠠᠷᠢᠶ᠎ᠠ ᠣᠷᠣᠨ ᠤ ᠪᠠᠨ ᠳᠣᠲᠣᠷᠠᠬᠢ ᠪᠣᠶ ᠪᠥᠬᠦᠶ ᠰᠠᠭᠤᠭᠠᠯᠢ ᠠᠷᠠᠳ᠂ ᠮᠠᠯᠵᠢᠬᠤ ᠡᠷᠦᠬᠡ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠳᠤ ᠤᠬᠠᠭᠤᠯᠭ᠎ᠠ ᠬᠢᠵᠦ᠂ ᠮᠠᠯᠴᠢᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠨ᠂ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠪᠠ ᠠᠷᠭ᠎ᠠ ᠪᠠᠷᠢᠯ ᠢ ᠭᠦᠢᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠪᠠ ᠶᠡᠷᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠬᠦ ᠬᠡᠷᠡᠭᠲᠡᠶ᠃        ︵ᠬᠤᠶᠠᠷ︶ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠣᠷᠣᠨ ᠳᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠂ ᠢᠯᠠᠩᠭᠤᠶ᠎ᠠ ︽ᠬᠠᠩᠰᠢ ᠶᠢᠨ ᠡᠳᠦᠷ︾᠂ ︽ᠬᠥᠳᠡᠯᠮᠦᠷᠢᠴᠢᠳ ᠤᠨ ᠪᠠᠶᠠᠷ︾ ᠤᠨ ᠬᠤᠭᠤᠴᠠᠭᠠᠨ ᠳᠤ᠂ ᠬᠠᠷᠢᠶ᠎ᠠ ᠭᠠᠵᠠᠷ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠣᠷᠣᠨ᠂ ᠨᠡᠶᠢᠲᠡ ᠶᠢᠨ ᠣᠩᠭᠤᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ ᠳᠤ ᠭᠦᠨᠵᠡᠭᠡᠶᠢᠷᠡᠵᠦ᠂ ᠪᠦᠬᠦᠯᠢ ᠡᠳᠦᠷ ᠢᠶᠠᠷ ᠲᠣᠭᠤᠷᠢᠨ ᠪᠠᠶᠢᠴᠠᠭᠠᠵᠤ ᠴᠢᠩᠭ᠎ᠠ ᠬᠢᠵᠠᠭᠠᠷᠯᠠᠬᠤ ᠬᠡᠷᠡᠭᠲᠡᠢ᠃        ︵ᠭᠤᠷᠪᠠ︶ ᠭᠤᠤᠯᠳᠠᠯᠭ᠎ᠠ ᠲᠠᠢ ᠬᠥᠮᠦᠰ ᠤᠨ ᠠᠵᠢᠯ ᠢ ᠰᠠᠶᠢᠲᠤᠷ ᠬᠢᠵᠦ᠂ ᠬᠡᠤᠬᠡᠳ᠂ ᠣᠶᠤᠨ ᠤ ᠰᠠᠭᠠᠳ ᠲᠠᠢ ᠬᠥᠮᠦᠰ ᠲᠡᠨᠦᠭᠦᠯᠴᠢᠨ ᠵᠡᠷᠭᠡ ᠣᠨᠴᠠᠭᠠᠶ ᠬᠥᠮᠦᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠡᠷᠡᠭᠲᠡᠶ᠃        ᠳᠣᠯᠤᠭ᠎ᠠ᠂ ᠡᠯ᠎ᠡ ᠱᠠᠲᠤᠨ ᠤ ᠭᠠᠯ ᠰᠡᠷᠭᠡᠶᠢᠯᠡᠬᠦ ᠪᠠᠶᠢᠭᠤᠯᠭ᠎ᠠ ᠨᠢᠭᠡᠴᠢ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠳᠠᠭᠠᠭᠤᠯᠬᠤ᠂ ᠲᠡᠷᠭᠡ ᠬᠥᠰᠬᠡ ᠵᠠᠷᠯᠢᠭ ᠬᠦᠯᠢᠶᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠮᠡᠭᠡ ᠨᠡᠪᠲᠡᠷᠡᠯᠭᠡ ᠶᠢᠨ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠨ᠂ ᠭᠠᠯ ᠰᠡᠷᠭᠡᠶᠢᠯᠡᠬᠦ ᠮᠡᠳᠡᠭᠡ ᠵᠠᠩᠭᠢ ᠶᠢᠨ ᠮᠡᠳᠡᠭᠦᠯᠬᠦ ᠳᠡᠰ ᠳᠠᠷᠠᠭᠠᠯᠠᠯ ᠢ ᠴᠢᠩᠳᠠᠯᠠᠬᠤ ᠬᠡᠷᠡᠭᠲᠡᠶ᠃        ᠨᠠᠢᠮᠠ᠂ ᠪᠦᠬᠦ ᠬᠤᠲᠠ ᠶᠢᠨ ᠡᠯ᠎ᠡ ᠱᠠᠲᠤᠨ ᠤ ᠺᠠᠳ᠋ᠷ ᠣᠯᠠᠨ ᠲᠦᠮᠡᠨ ᠭᠠᠯ ᠤᠨ ᠠᠶᠤᠯ ᠤᠨ ᠬᠤᠣᠷ ᠬᠥᠨᠥᠭᠡᠯᠲᠦ ᠴᠢᠨᠠᠷ ᠪᠠ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ︽ᠭᠠᠯ ᠰᠡᠷᠭᠡᠶᠢᠯᠡᠬᠦ ᠠᠵᠢᠯ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠ ︽ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ︾ ᠤᠬᠠᠮᠰᠠᠷ ᠢᠶᠠᠨ ᠳᠡᠭᠡᠭᠰᠢᠯᠡᠭᠦᠯᠵᠦ᠂ ᠬᠠᠷᠢᠯᠴᠠᠨ ᠬᠢᠨᠠᠯᠲᠠ ᠲᠠᠯᠪᠢᠵᠤ᠂ ᠭᠠᠯ ᠤᠨ ᠠᠶᠤᠯ ᠤᠨ ᠮᠡᠳᠡᠭᠳᠡᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠭᠠᠯ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠬᠡᠷᠡᠭᠲᠡᠢ᠃        ᠶᠢᠰᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠳ ᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠦᠢᠯᠡ ᠪᠠᠶᠢᠳᠠᠯ ᠢ ᠨᠢ ᠦᠵᠡᠵᠦ ᠪᠠᠶᠢᠭᠠᠳ ᠰᠡᠷᠡᠮᠵᠢᠯᠡᠭᠦᠯᠬᠦ᠂ ᠵᠣᠭᠤᠰ ᠢᠶᠠᠷ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠪᠠᠷ ᠰᠢᠳᠭᠡᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠳ᠂ ᠬᠠᠤᠯᠢ ᠲᠣᠭᠲᠠᠭᠠᠯ ᠶᠣᠰᠤᠭᠠᠷ ᠢᠶᠠᠷ ᠣᠶ ᠰᠢᠭᠤᠶ ᠨᠤᠲᠤᠭ ᠪᠡᠯᠴᠢᠭᠡᠷ ᠤᠨ ᠬᠤᠬᠢᠷᠠᠯ ᠢ ᠲᠥᠯᠥᠵᠦ᠂ ᠶᠠᠯ᠎ᠠ ᠬᠢᠭᠰᠡᠳ ᠠᠴᠠ ᠬᠠᠤᠯᠢ ᠲᠣᠭᠲᠠᠭᠠᠯ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠡᠷᠡᠭ ᠮᠡᠳᠡᠭᠦᠯᠬᠦ ᠤᠲᠠᠰᠤ᠄ 12119 ᠪᠣᠯᠤᠨ᠎ᠠ᠃        ᠭᠠᠯ ᠰᠡᠷᠭᠡᠶᠢᠯᠡᠵᠦ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠵᠢᠵᠢᠭᠦᠷᠯᠡᠬᠦ ᠤᠲᠠᠰᠤ᠄ 0482 - 8822119 ᠪᠣᠯᠤᠨ᠎ᠠ᠃    
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号