ᠤᠯᠠᠭᠠᠨᠬᠤᠲᠠ ᠶᠢᠨ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶᠠᠨ ᠤ ᠱᠧᠩᠯᠢ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ 2025 ᠣᠨ ᠤ ︽ᠳᠡᠯᠡᠬᠡᠢ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ︾ ᠤᠨ ᠰᠢᠷᠢᠰ ᠠᠵᠢᠯᠯᠠᠭ᠎ᠠ ᠶᠢ ᠦᠷᠨᠢᠭᠦᠯᠵᠠᠢ
ᠨᠡᠶᠢᠲᠡᠯᠡᠭᠰᠡᠨ ᠴᠠᠭ᠄
2025/3/27
        ᠣᠯᠠᠨ ᠨᠡᠶᠢᠲᠡ ᠶᠢᠨ ᠰᠦᠷᠢᠶ᠎ᠡ ᠡᠪᠡᠳᠴᠢᠨ ᠤ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠱᠸᠡᠭᠯᠢ ᠨᠡᠶᠢᠭᠡᠮ ᠳᠤᠭᠤᠷᠢᠬ ᠬᠤᠪᠢᠶᠠᠷᠢ ᠬᠤᠷᠢᠶ᠎ᠠ ᠣᠯᠠᠨ ᠬᠡᠯᠪᠡᠷᠢ ᠮᠠᠶ᠋ᠢᠭ ᠤᠨ᠂ ᠡᠯᠪᠡᠭ ᠪᠠᠶᠠᠯᠢᠭ ᠠᠭᠤᠯᠭ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃        3 ᠰᠠᠷ᠎ᠠ ᠶᠢᠨ 19 ᠤ ᠡᠳᠤᠷ᠂ ᠱᠸᠡᠭᠯᠢ ᠨᠡᠶᠢᠭᠡᠮ ᠳᠤᠭᠤᠷᠢᠬ ᠬᠤᠪᠢᠶᠠᠷᠢ ᠬᠤᠷᠢᠶ᠎ᠠ ᠶᠢᠨ ᠡᠮᠴᠢᠯᠡᠭᠡᠨ ᠤ ᠪᠦᠯᠬᠦᠮ ᠬᠠᠷᠢᠶᠠᠳᠦ ᠤᠷᠤᠨ ᠤ ᠪᠠᠭ᠎ᠠ ᠲᠤᠭᠤᠷᠢᠭ ᠲᠤ ᠬᠦᠷᠴᠤ᠂ ︽ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠤᠷ︾ ᠤᠨ ᠤᠯᠠᠨ ᠨᠠᠶᠢᠳᠠ ᠶᠢᠨ ᠡᠷᠡᠬᠦᠯ ᠮᠠᠨᠳᠤ ᠶᠢᠨ ᠯᠠᠪᠯᠠᠯᠭ᠎ᠠ ᠶᠢᠨ ᠠᠵᠢᠯᠯᠠᠭ᠎ᠠ ᠦᠷᠨᠢᠬᠦᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠦᠷᠢᠶ᠎ᠡ ᠡᠪᠡᠳᠴᠢᠨ ᠡᠭᠦᠰᠭᠦ ᠦᠨᠳᠦᠰᠦᠯᠡᠯ᠂ ᠬᠠᠯᠳᠠᠪᠤᠷᠢᠯᠠᠬᠤ ᠠᠷᠭ᠎ᠠ ᠵᠠᠮ᠂ ᠦᠷᠭᠦᠯᠵᠢ ᠲᠣᠬᠢᠶᠠᠯᠳᠤᠬᠤ ᠡᠪᠡᠳᠴᠢᠨ ᠤ ᠢᠯᠡᠷᠡᠯ ᠵᠢᠴᠢ ᠰᠡᠷᠭᠡᠶᠢᠯᠡᠨ ᠵᠠᠰᠠᠬᠤ ᠠᠷᠭ᠎ᠠ ᠶᠢ ᠨᠢᠭᠤᠷᠳᠠᠨ ᠲᠠᠶᠢᠯᠪᠤᠷᠢᠯᠠᠬᠤ ᠶᠢᠨ ᠬᠠᠮᠲᠤ ᠠᠩᠬᠠᠨ ᠤ ᠬᠤᠭᠤᠴᠠᠭᠠᠨ ᠤ ᠣᠨᠣᠰᠢᠯᠠᠬᠤ ᠪᠠ ᠵᠢᠷᠤᠮᠵᠢᠭᠤᠯᠤᠨ ᠡᠮᠨᠡᠨ ᠵᠠᠰᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠪᠠ᠃        3 ᠰᠠᠷ᠎ᠠ ᠶᠢᠨ 20 ᠤ ᠡᠳᠦᠷ᠂ ᠱᠸᠡᠭᠯᠢ ᠨᠡᠶᠢᠭᠡᠮ ᠳᠤᠭᠤᠷᠢᠬ ᠬᠤᠪᠢᠶᠠᠷᠢ ᠬᠤᠷᠢᠶ᠎ᠠ ᠶᠢᠨ ᠡᠮᠴᠢᠯᠡᠭᠡᠨ ᠤ ᠪᠦᠯᠬᠦᠮ ᠬᠠᠷᠢᠶᠠᠲᠤ ᠣᠷᠣᠨ ᠤ ᠪᠠᠭ᠎ᠠ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠲᠤ ︽ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ︾ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠰᠦᠷᠢᠶ᠎ᠠ ᠡᠪᠡᠳᠴᠢᠨ ᠠᠴᠠ ᠰᠡᠷᠭᠡᠶᠢᠯᠡᠨ ᠡᠷᠡᠬᠦᠯ ᠴᠢᠬᠢᠷᠠᠬ ᠢᠶᠠᠷ ᠦᠰᠤᠨ ᠪᠤᠶᠢᠵᠢᠬᠤ ᠶᠢ ᠠᠬᠢᠭᠤᠯᠪᠠ᠃        ᠰᠠᠭᠤᠭᠠᠯᠢ ᠠᠷᠠᠳ ᠤᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠦᠵᠡᠯ ᠤᠬᠠᠮᠰᠠᠷ ᠢ ᠲᠡᠬᠡᠭᠰᠢᠯᠡᠬᠦᠯᠵᠦ᠂ ᠬᠡᠷ ᠪᠦᠯᠢ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠬᠦ ᠶᠢᠨ ᠲᠦᠯᠦᠬᠡ᠂ ᠠᠵᠢᠯᠯᠠᠭᠠᠨ ᠤ ᠬᠤᠭᠤᠴᠠᠭᠠᠨ ᠳᠤ᠂ ᠱᠸᠡᠭᠯᠢ ᠨᠡᠶᠢᠭᠡᠮ ᠳᠤᠭᠤᠷᠢᠬ ᠬᠤᠪᠢᠶᠠᠷᠢ ᠬᠤᠷᠢᠶ᠎ᠠ ᠶᠢᠨ ᠡᠮᠴᠢᠯᠡᠭᠡᠨ ᠤ ᠪᠦᠯᠬᠦᠮ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠡᠷ ᠲᠤ ᠬᠦᠷᠴᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠨᠢᠭᠤᠷᠳᠠᠨ ᠶᠠᠷᠢᠯᠴᠠᠵᠦ ᠤᠬᠠᠭᠤᠯᠬᠤ ᠪᠠᠷ ᠳᠠᠮᠵᠢᠨ ᠰᠡᠷᠬᠡᠶᠢᠯᠡᠨ ᠵᠠᠰᠠᠬᠤ ᠮᠡᠳᠡᠯᠬᠡ ᠶᠢ ᠰᠠᠭᠤᠭᠠᠯᠢ ᠠᠷᠠᠳ ᠲᠤ ᠤᠯᠠᠮᠵᠢᠯᠠᠪᠠ᠃ᠲᠣᠰ ᠤᠳᠠᠭᠠᠨ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠰᠦᠷᠢᠶ᠎ᠡ ᠡᠪᠡᠳᠴᠢᠨ ᠤ ᠲᠤᠬᠠᠶ ᠲᠠᠨᠢᠨ ᠮᠡᠳᠡᠬᠦᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠡᠭᠦᠯ ᠡᠩᠬᠡ ᠨᠡᠶᠢᠭᠡᠮ ᠢ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠶ᠃ ︵ᠠᠷᠢᠭᠤᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号