ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠲᠠ ᠶᠢᠨ ᠲᠡᠭᠦᠷᠭᠡ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠰᠦᠷᠢᠶ᠎ᠡ ᠡᠪᠡᠳᠴᠢᠨ ᠢ ᠰᠡᠷᠬᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/27
        3 ᠰᠠᠷ᠎ᠠ ᠶᠢᠨ 24 ᠤ ᠡᠳᠦᠷ ᠪᠣᠯ 30 ᠳ᠋ᠤᠭᠠᠷ ︽ᠳᠡᠯᠡᠬᠡᠶ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ︾ ᠪᠣᠯᠤᠨ᠎ᠠ᠃ ᠳᠤᠬᠠᠢ ᠶᠢᠨ ᠡᠳᠦᠷ᠂ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠲᠠ ᠶᠢᠨ ᠲᠡᠭᠦᠷᠭᠡ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠶᠢᠨ ᠬᠢᠨ ᠬᠠᠷᠢᠶᠠᠳᠦ ᠤᠷᠤᠨ ᠤ ᠪᠸᠢ ᠰᠢᠨ ᠶᠤᠸᠠᠨ ᠪᠠᠭ᠎ᠠ ᠲᠣᠭᠤᠷᠢᠭ ᠲᠤ ︽ᠪᠥᠬᠦ ᠲᠠᠯ᠎ᠠ ᠪᠠᠷ ᠠᠵᠢᠯᠯᠠᠵᠦ᠂ ᠪᠥᠬᠦ ᠬᠦᠴᠦᠨ ᠢᠶᠠᠨ ᠤᠷᠤᠭᠤᠯᠵᠦ᠂ ᠪᠦᠬᠦ ᠠᠷᠠᠳ ᠤᠷᠤᠯᠴᠠᠨ᠂ ᠰᠦᠷᠢᠶ᠎ᠡ ᠡᠪᠡᠳᠴᠢᠨ ᠢ ᠠᠷᠢᠯᠭᠠᠬᠤ ︾ ᠪᠠᠷ ᠰᠡᠳᠦᠪᠯᠡᠭᠰᠡᠨ ᠰᠦᠷᠢᠶ᠎ᠠ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃        ᠳᠤᠬᠠᠢ ᠶᠢᠨ ᠳᠠᠯᠠᠪᠤᠷ ᠲᠤ᠂ ᠤᠯᠠᠭᠠᠨᠬᠤᠳᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠳᠠ ᠶᠢᠨ ᠳᠡᠬᠦᠷᠭᠡ ᠨᠡᠶᠢᠭᠡᠮ ᠳᠤᠭᠤᠷᠢᠬ ᠬᠤᠪᠢᠶᠠᠷᠢ ᠬᠤᠷᠢᠶ᠎ᠠ ᠶᠢᠨ ᠡᠮᠴᠢ ᠠᠵᠢᠯᠳᠡᠨ ᠤᠬᠠᠭᠤᠯᠭ᠎ᠠ ᠶᠢᠨ ᠭᠤᠤᠯ ᠰᠡᠳᠦᠪᠳᠤ ᠡᠯᠭᠦᠭᠡ ᠪᠢᠴᠢᠭᠡᠰᠦ ᠶᠢ ᠡᠯᠭᠦᠬᠦ᠂ ᠰᠦᠷᠢᠶ᠎ᠡ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ᠂ ᠤᠯᠠᠨ ᠲᠦᠮᠡᠨ ᠤ ᠠᠰᠠᠭᠤᠨ ᠯᠠᠪᠯᠠᠯᠳᠠ ᠳᠤ ᠬᠠᠷᠢᠭᠤᠯᠳᠠ ᠦᠭᠬᠦ ᠵᠢᠴᠢ ᠪᠡᠶ᠎ᠠ ᠶᠢᠨ ᠪᠠᠶᠢᠴᠠᠭᠠᠯᠳᠠ ᠬᠢᠵᠦ ᠦᠭᠴᠦ᠂ ᠰᠠᠭᠤᠭᠠᠯᠢ ᠠᠷᠠᠳ ᠤᠨ ᠰᠦᠷᠢᠶ᠎ᠠ ᠡᠪᠡᠳᠴᠢᠨ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠬᠦᠯᠬᠦ ᠶᠢ ᠵᠤᠷᠢᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠵᠤ᠂ ᠮᠠᠳᠠᠬ ᠲᠠᠢ ᠠᠰᠠᠭᠤᠯᠳᠠ ᠳᠤ 70 ᠭᠠᠷᠤᠶ ᠬᠥᠮᠦᠨ ︵ᠤᠳᠠᠭ᠎ᠠ︶ ᠬᠠᠷᠢᠭᠤᠯᠳᠠ ᠦᠭᠪᠡ᠃        ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠲᠠ ᠶᠢᠨ ᠲᠡᠭᠦᠷᠭᠡ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠳᠤᠰ ᠤᠳᠠᠭᠠᠨ ᠤ ︽ᠲᠡᠯᠡᠬᠡᠢ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠡᠳᠦᠷ︾ ᠢᠶᠠᠷ ᠠᠵᠠ ᠲᠤᠬᠢᠶᠠᠯ ᠪᠤᠯᠭᠠᠵᠦ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠤᠬᠠᠭᠤᠯᠭ᠎ᠠ ᠶᠢ ︽ᠡᠮᠨᠡᠯᠬᠡ ᠶᠢᠨ ᠬᠤᠷᠢᠶ᠎ᠠ᠂ ᠨᠡᠶᠢᠬᠡᠮ ᠲᠤᠭᠤᠷᠢᠭ᠂ ᠠᠵᠦ ᠠᠬᠤᠶᠢᠯᠠᠯ᠂ ᠰᠤᠷᠭᠠᠭᠤᠯᠢ᠂ ᠬᠡᠷ ᠪᠦᠯᠢ ᠳᠤ ᠬᠦᠷᠬᠡᠬᠦ︾ ᠠᠵᠢᠯᠯᠠᠭ᠎ᠠ ᠶᠢ ᠪᠦᠭᠦ ᠲᠠᠯ᠎ᠠ ᠪᠠᠷ ᠦᠷᠨᠢᠬᠦᠯᠦᠨ᠂ ᠪᠦᠭᠦ ᠠᠷᠠᠳ ᠤᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠬᠡᠪ ᠪᠤᠯᠪᠠᠰᠤᠷᠠᠯ ᠢ ᠪᠦᠭᠦ ᠲᠠᠯ᠎ᠠ ᠪᠠᠷ ᠲᠡᠬᠡᠭᠰᠢᠯᠡᠬᠦᠯᠵᠦ᠂ ᠤᠯᠠᠨ ᠨᠡᠶᠢᠳᠡ ᠶᠢᠨ ᠡᠷᠡᠭᠦᠯ ᠡᠩᠬᠡ ᠶᠢᠨ ᠤᠬᠠᠮᠰᠠᠷ ᠢᠶᠠᠨ ᠴᠢᠩᠭᠠᠷᠠᠭᠤᠯᠤᠨ᠂ ᠡᠷᠡᠭᠦᠯ ᠡᠩᠬᠡ ᠶᠢᠨ ᠬᠠᠷᠢᠭᠤᠴᠠᠯᠭ᠎ᠠ ᠪᠠᠨ ᠬᠦᠢᠴᠡᠳᠭᠡᠬᠦ ᠶᠢ ᠠᠬᠢᠭᠤᠯᠵᠠᠢ᠃ ᠪᠤᠤ ᠵᠢᠶᠠᠨ ᠬᠤᠸᠠ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号