| ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠬᠢᠩᠭᠠᠨ ᠠᠶᠢᠮᠠᠭ ᠤᠨ ᠴᠢᠨᠠᠷ ᠰᠠᠶᠢᠳᠡᠢ ᠪᠠᠷᠠᠭ᠎ᠠ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ | ᠳᠡᠯᠭᠡᠷᠡᠭᠦᠯᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠬᠤ ᠶᠢᠨ | ᠲᠥᠯᠥᠬᠡ ᠤᠶᠢᠷ᠎ᠠ ᠶᠢᠨ ᠡᠳᠦᠷ᠂ ᠬᠢᠨᠭ᠍ᠭᠠᠨ ᠠᠶᠢᠮᠠᠭ ᠤᠨ ᠤᠯᠠᠭᠠᠨᠮᠦ᠋ᠴᠢᠷ ᠤᠨ ᠤᠷᠠᠨ ᠰᠠᠶᠢᠬᠠᠨ ᠤ ᠪᠦᠯᠬᠦᠮ | ᠪᠡᠭᠡᠵᠢᠩ ᠬᠤᠲᠠ ᠶᠢᠨ ᠳ᠋ᠦᠩᠴᠧᠩ ᠲᠣᠭᠤᠷᠢᠭ ᠲᠤ ᠬᠦᠷᠴᠦ ᠰᠣᠶᠣᠯ ᠤᠨ ᠰᠣᠯᠢᠯᠴᠠᠭᠠᠨ ᠤ ᠠᠵᠢᠯᠯᠠᠭ᠎ᠠ | ᠥᠷᠨᠢᠭᠦᠯᠵᠦ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ | ᠲᠣᠭᠯᠠᠯᠲᠠ ᠶᠢ ᠰᠤᠨᠢᠷᠬᠠᠭᠤᠯᠪᠡ᠃ | ᠲᠣᠭᠯᠠᠯᠲᠠ ᠨᠢ ︽ᠬᠦᠳᠡᠭᠡ ᠲᠠᠯ᠎ᠠ ᠳᠤ ᠮᠥᠩᠬᠡ ᠶᠢᠨ ᠨᠠᠷᠠᠠ ᠮᠠᠨᠳᠤᠯ᠎ᠠ︾ ᠭᠡᠬᠦ ᠳᠠᠭᠤᠤ ᠬᠦᠭᠵᠢᠮ ᠤᠨ | ᠳᠤᠮᠳᠠ ᠬᠥᠰᠢᠭᠡ ᠪᠠᠨ ᠰᠡᠬᠦᠵᠦ᠂ ᠦᠵᠡᠭᠴᠢ ᠤᠯᠠᠨ ᠤ ᠬᠠᠷᠠᠭ᠎ᠠ ᠰᠤᠨᠤᠷ ᠢ ᠪᠠᠶᠠᠰᠬᠠᠵᠦ᠂ ᠲᠤᠬᠠᠢ ᠶᠢᠨ ᠲᠠᠯᠠᠪᠠᠢ | ᠬᠦᠷ ᠬᠦᠭᠵᠢᠶᠠᠨ ᠢᠶᠠᠷ ᠪᠢᠯᠬᠠᠬᠰᠠᠨ ᠪᠠᠶᠢᠨ᠎ᠠ᠃ ᠲᠤᠬᠯᠠᠯᠲᠠ ᠳᠤ ᠪᠠᠰᠠ ᠮᠣᠷᠢᠨ ᠬᠤᠭᠤᠷ ᠤᠨ ᠬᠥᠭᠵᠢᠮ ︽ᠲᠦᠮᠡᠨ | ᠠᠭᠲᠠ ᠶᠢᠨ ᠲᠦᠪᠡᠷᠭᠡᠨ︾᠂ ᠪᠥᠵᠢᠭ ︽ᠨᠠᠶᠢᠷ ᠤᠨ ᠳᠠᠭᠤᠤ︾ ᠵᠢᠴᠢ ᠤᠷᠲᠤ ᠶᠢᠨ ᠳᠠᠭᠤᠤ ︽ᠳᠥᠷᠪᠡᠨ | ᠨᠠᠰᠤᠲᠠᠶ ᠬᠠᠯᠢᠭᠤᠨ︾ ᠵᠡᠷᠭᠡ ᠲᠣᠭᠯᠠᠯᠲᠠ ᠶᠢ ᠲᠤᠬᠢᠷᠠᠭᠤᠯᠵᠦ᠂ ᠲᠤᠬᠠᠶ ᠶᠢᠨ ᠲᠠᠯᠠᠪᠤᠷ ᠤᠨ ᠦᠵᠡᠭᠴᠢᠳ ᠲᠤ | ᠦᠨᠳᠦᠰᠦᠲᠡᠨ ᠤ ᠤᠷᠠᠯᠢᠭ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠪᠠ᠃ | ᠠᠵᠢᠯᠯᠠᠭᠠᠨ ᠢ ᠨᠡᠩ ᠢᠯᠡᠭᠦᠦ ᠤᠳᠬ᠎ᠠ ᠠᠭᠤᠯᠭ᠎ᠠ ᠲᠠᠢ ᠶᠠᠪᠤᠬᠳᠠᠭᠤᠯᠬᠤ ᠶᠢᠨ ᠲᠦᠯᠦᠭᠡ ᠬᠢᠨᠭ᠍ᠭᠠᠨ | ᠠᠶᠢᠮᠠᠭ ᠤᠨ ᠤᠯᠠᠭᠠᠨᠮᠦ᠋ᠴᠢᠷ ᠤᠨ ᠭᠡᠰᠢᠭᠦᠳ ᠠᠴᠠ ᠬᠢᠩᠭᠠᠨ ᠠᠶᠢᠮᠠᠭ ᠤᠨ ᠴᠢᠨᠠᠷ ᠰᠠᠶᠢᠳᠡᠢ ᠪᠠᠷᠠᠭ᠎ᠠ ᠪᠠ | ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠤᠭᠰᠠᠨ ᠪᠥᠭᠡᠳ ᠦᠵᠡᠭᠴᠢᠳ ᠲᠠᠢ ᠰᠣᠨᠢᠷᠬᠠᠯᠲᠥ ᠠᠰᠠᠭᠤᠯᠲᠠ | ᠬᠠᠷᠢᠭᠤᠯᠲᠠ ᠶᠢᠨ ᠲᠣᠭᠯᠠᠭᠠᠮ ᠬᠢᠭᠰᠡᠨ ᠪᠠᠶᠢᠨ᠎ᠠ᠃ ᠦᠵᠡᠭᠴᠢᠳ ᠢᠳᠡᠪᠬᠢᠲᠡᠢ ᠣᠷᠣᠯᠴᠠᠵᠤ᠂ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠯ᠎ᠠ᠃ ᠠᠰᠠᠭᠤᠯᠲᠠ ᠬᠠᠷᠢᠭᠤᠯᠤᠭᠰᠠᠨ | ᠦᠵᠡᠭᠴᠢᠳ ᠲᠤ ᠬᠢᠩᠭᠠᠨ ᠠᠶᠢᠮᠠᠭ ᠤᠨ ᠭᠤᠶᠢᠳᠠ ᠰᠠᠶᠢᠬᠠᠨ ᠰᠣᠶᠣᠯ ᠤᠨ ᠡᠭᠦᠳᠦᠯᠲᠡ ᠶᠢᠨ ᠪᠡᠯᠡᠭ ᠢ ᠬᠦᠷᠭᠡᠵᠦ᠂ | ᠬᠢᠩᠭᠠᠨ ᠠᠶᠢᠮᠠᠭ ᠤᠨ ᠤᠨᠴᠠᠯᠢᠬᠳᠤ ᠪᠦᠲᠦᠭᠡᠭᠳᠡᠬᠦᠨ ᠢ ᠮᠡᠳᠡᠷᠡᠭᠦᠯᠵᠠᠢ᠃ | ᠲᠣᠰ ᠤᠳᠠᠭᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠨᠢ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠪᠠᠷ ᠳᠠᠮᠵᠢᠨ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠣᠶᠣᠯ ᠢ ᠤᠬᠠᠭᠤᠯᠤᠬᠰᠠᠨ ᠢᠶᠠᠷ | ᠪᠠᠷᠠᠬᠤ ᠥᠬᠡᠶ ᠪᠠᠰᠠ ᠵᠢᠭᠤᠯᠴᠢᠯᠠᠯ ᠤᠨ ᠡᠬᠢ ᠪᠠᠶᠠᠯᠢᠭ ᠪᠠ ᠣᠨᠴᠠᠯᠢᠭᠲᠤ ᠪᠦᠲᠦᠭᠡᠭᠳᠡᠬᠦᠨ ᠢ ᠪᠦᠲᠦᠮᠵᠢᠲᠡᠶ ᠲᠡᠯᠭᠡᠨ | ᠦᠵᠡᠬᠦᠯᠦᠭᠰᠡᠨ ᠪᠠᠶᠢᠨ᠎ᠠ᠃ ᠬᠢᠩᠭᠠᠨ ᠠᠶᠢᠮᠠᠭ ᠤᠨ ᠤᠯᠠᠭᠠᠨᠮᠥ᠋ᠴᠢᠷ ᠤᠷᠠᠯᠢᠭ ᠢᠶᠠᠷ ᠬᠥᠭᠦᠷᠭᠡ ᠪᠣᠯᠭᠠᠵᠤ᠂ ᠪᠡᠭᠡᠵᠢᠩ | ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ | ᠰᠣᠶᠣᠯ ᠤᠨ ᠥᠪᠡᠷᠮᠢᠴᠡ ᠷᠢᠳᠢ ᠰᠢᠳᠢ ᠶᠢ ᠨᠠᠩ ᠣᠯᠠᠨ ᠬᠥᠮᠦᠨ ᠳᠤ ᠣᠶᠢᠯᠠᠭᠠᠭᠤᠯᠪᠠ᠃ | ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠶᠢᠨ ᠦᠵᠡᠭᠴᠢᠳ ᠬᠢᠩᠭᠠᠨ ᠠᠶᠢᠮᠠᠭ ᠤᠨ | ᠵᠢᠭᠤᠯᠴᠢᠯᠡᠯ ᠤᠨ ᠡᠬᠢ ᠪᠠᠶᠠᠯᠢᠭ ᠲᠤ ᠭᠦᠨ ᠵᠤᠵᠠᠭᠠᠨ ᠳᠤᠷ᠎ᠠ ᠰᠣᠨᠢᠷᠬᠠᠯ ᠲᠠᠢ ᠪᠠᠶᠢᠬᠤ ᠪᠠᠨ ᠢᠯᠡᠳᠭᠡᠪᠡ᠃ | ᠬᠢᠩᠭᠠᠨ ᠠᠶᠢᠮᠠᠭ ᠤᠨ ᠤᠯᠠᠭᠠᠨᠮᠦ᠋ᠴᠢᠷ ᠤᠨ ᠲᠤᠰ ᠤᠳᠠᠭ᠎ᠠ ᠶᠢᠨ ᠪᠡᠭᠡᠵᠢᠩ ᠤᠨ ᠠᠶᠠᠯᠠᠯ ᠪᠣᠯ ᠨᠢᠭᠡ ᠤᠳᠠᠭ᠎ᠠ ᠶᠢᠨ | ᠰᠤᠶᠤᠯ ᠤᠨ ᠤᠯᠠᠮᠵᠢᠯᠠᠯ ᠪᠣᠯᠤᠬᠰᠠᠨ ᠢᠶᠠᠷ ᠪᠠᠷᠠᠬᠤ ᠦᠭᠡᠢ᠂ ᠨᠡᠩ ᠴᠤ ᠬᠤᠶᠠᠷ ᠭᠠᠵᠠᠷ ᠤᠨ ᠨᠥᠬᠦᠷᠯᠡᠯ ᠤᠯᠠᠮ | ᠨᠢᠭᠡ ᠠᠯᠬᠤᠮ ᠭᠦᠨᠵᠡᠭᠡᠶᠢᠷᠡᠵᠦ᠂ ᠢᠷᠡᠭᠡᠳᠦᠢ ᠶᠢᠨ ᠰᠣᠶᠣᠯ ᠤᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠳᠤ ᠪᠠᠲᠤ | ᠪᠠᠬᠢ ᠰᠠᠭᠤᠷᠢ ᠶᠢ ᠲᠠᠯᠪᠢᠵᠤ ᠥᠭᠴᠡᠢ᠃ ᠭᠤᠤ ᠴᠢ ᠯᠢ ᠰᠢ ᠴᠤᠤ ᠮᠡᠳᠡᠭᠡᠯᠡᠪᠠ |