| ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠬᠢᠨᠭ᠍ᠭᠠᠨ ᠤ ᠪᠡᠬᠡᠵᠢᠩ | ᠬᠡᠤᠬᠡᠳ ᠤᠨ ᠴᠡᠴᠡᠷᠯᠢᠭ ᠤᠨ ᠰᠢᠨ᠎ᠠ ᠪᠠᠷ ᠪᠠᠶᠢᠭᠤᠯᠤᠬᠰᠠᠨ 245 ᠳᠡᠭᠰᠢ ᠳᠦᠷᠪᠡᠯᠵᠢᠨ ᠮᠧᠲᠷ ᠳᠠᠯᠠᠪᠠᠢ ᠪᠦᠬᠦᠢ 6 | ᠠᠳᠠᠯᠢ ᠪᠤᠰᠤ ᠠᠭᠤᠯᠭ᠎ᠠ ᠲᠠᠢ ᠳᠤᠭᠯᠠᠯᠳᠠ ᠶᠢᠨ ᠳᠤᠭᠤᠷᠢᠭ ᠲᠤ ᠬᠡᠤᠬᠡᠳ ᠤᠳ ᠦᠯᠢᠬᠡᠷ ᠰᠤᠨᠤᠰᠴᠤ᠂ ᠲᠤᠬᠯᠠᠭᠠᠮ | ᠲᠤᠬᠯᠠᠨ ᠪᠠᠭ᠎ᠠ ᠨᠠᠰᠦ ᠪᠠᠨ ᠪᠠᠶᠠᠷ ᠬᠦᠷ ᠲᠠᠢ ᠦᠡᠭᠭᠡᠷᠡᠬᠦᠯᠦᠨᠡ᠃ | ᠬᠢᠨᠭ᠍ᠭᠠᠨ ᠤ ᠪᠡᠬᠡᠵᠢᠩ ᠬᠡᠤᠬᠡᠳ ᠤᠨ ᠴᠡᠴᠡᠷᠯᠢᠭ ᠤᠨ ᠲᠠᠷᠤᠭ᠎ᠠ ᠶᠠᠩ ᠸᠧᠨ ᠡᠾᠦ᠋ᠢ᠄ ︽ᠪᠢᠳᠡᠨ ᠤ | ᠰᠤᠷᠭᠠᠭᠤᠯᠢ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠲᠤ ᠪᠡᠬᠡᠵᠢᠩ ᠦᠪᠦᠷ ᠮᠤᠩᠭᠤᠯ ᠤᠨ | ᠬᠠᠮᠵᠢᠯᠴᠠᠭᠠᠨ ᠤ ᠦᠷ᠎ᠡ ᠪᠦᠳᠦᠬᠡᠯ᠂ ᠦᠢᠯᠡᠳᠦᠯᠬᠡ ᠶᠢᠨ ᠠᠵᠢᠯᠯᠠᠭ᠎ᠠ᠂ ᠬᠢᠴᠢᠶᠡᠯ ᠤᠨ ᠲᠤᠬᠢᠷᠠᠭᠤᠯᠭ᠎ᠠ ᠵᠡᠷᠭᠡ | ᠠᠭᠤᠯᠭ᠎ᠠ ᠶᠢ ᠢᠯᠡᠷᠡᠬᠦᠯᠵᠦ᠂ ᠪᠠᠰᠠ ᠤᠡᠭᠰᠢᠯᠭ᠎ᠠ ᠶᠢᠨ ᠲᠤᠭᠤᠷᠢᠭ ᠲᠤᠬᠢᠷᠠᠭᠤᠯᠵᠦ᠂ ᠬᠡᠤᠬᠡᠳ ᠤᠳ ᠡ᠊ᠨᠳᠡ ᠰᠢᠮᠡᠳᠠᠢ | ᠰᠠᠶᠢᠨᠬᠠᠨ ᠰᠤᠷᠤᠯᠴᠠᠵᠦ ᠪᠤᠯᠤᠨ᠎ᠠ︾ ᠬᠡᠵᠦ ᠲᠠᠨᠢᠯᠴᠠᠭᠤᠯᠪᠠ᠃ | ᠬᠢᠨᠭ᠍ᠭᠠᠨ ᠤ ᠪᠡᠬᠡᠵᠢᠩ ᠲᠤᠮᠳᠠᠳᠤ ᠰᠤᠷᠭᠠᠭᠤᠯᠢ᠂ ᠬᠢᠨᠭ᠍ᠭᠠᠨ ᠤ ᠪᠡᠬᠡᠵᠢᠩ ᠪᠠᠭ᠎ᠠ ᠰᠤᠷᠭᠠᠭᠤᠯᠢ᠂ ᠬᠢᠨᠭ᠍ᠭᠠᠨ ᠤ | ᠪᠡᠬᠡᠵᠢᠩ ᠬᠡᠤᠬᠡᠳ ᠤᠨ ᠴᠡᠴᠡᠷᠯᠢᠭ ᠨᠢ ᠪᠦᠷ ᠪᠡᠬᠡᠵᠢᠩ ᠬᠤᠳᠠ ᠶᠢᠨ ᠬᠠᠶᠢᠳᠢᠶᠠᠨ ᠲᠤᠭᠤᠷᠢᠭ ᠤᠨ ᠬᠠᠪᠰᠤᠷᠤᠯᠭ᠎ᠠ | ᠲᠤᠤᠷ᠎ᠠ 2024 ᠤᠨ ᠳᠤ ᠪᠠᠶᠢᠭᠤᠯᠤᠬᠳᠠᠭᠰᠠᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠤᠯᠤᠨ᠎ᠠ᠃ ᠡᠨᠡ ᠨᠢ | ᠰᠤᠷᠭᠠᠭᠤᠯᠢ ᠶᠢᠨ ᠬᠦᠷᠢᠶᠡᠨ ᠤ ᠤᠷᠴᠢᠨ ᠲᠤᠭᠤᠷᠢᠨ ᠪᠠ ᠬᠢᠴᠢᠶᠡᠯ ᠤᠨ ᠲᠤᠬᠢᠷᠠᠭᠤᠯᠭ᠎ᠠ ᠶᠢ ᠰᠢᠯᠢᠳᠡᠭᠵᠢᠬᠦᠯᠵᠦ᠂ | ᠰᠤᠷᠭᠠᠨ ᠬᠦᠮᠦᠵᠢᠯ ᠤᠨ ᠤᠶᠢᠯᠠᠭᠠᠬᠳᠠᠬᠤᠨ ᠪᠠ ᠰᠤᠷᠭᠠᠨ ᠬᠦᠮᠦᠵᠢᠯ ᠤᠨ ᠤᠶᠢᠯᠠᠭᠠᠬᠳᠠᠬᠤᠨ ᠤ ᠲᠡᠭᠡᠭᠰᠢᠯᠡᠯᠳᠡ ᠶᠢ | ᠪᠡᠶᠡᠯᠡᠬᠦᠯᠦᠭᠰᠡᠨ ᠪᠦᠭᠡᠳ ᠬᠡᠤᠬᠡᠳ ᠤᠳ ᠲᠤ ᠨᠡᠩ ᠰᠢᠯᠢᠳᠡᠭ᠂ ᠤᠯᠠᠨ ᠡᠰᠢᠵᠢᠭᠰᠡᠨ ᠬᠦᠮᠦᠵᠢᠯ ᠬᠦᠷᠳᠡᠭᠡᠵᠦ ᠪᠤᠢ᠃ | | ᠪᠡᠬᠡᠵᠢᠩ ᠬᠤᠳᠠ ᠶᠢᠨ ᠰᠢᠯᠢᠳᠡᠭ ᠪᠠᠭᠰᠢ ᠲᠦᠴᠢᠤᠸᠠᠨ ᠰᠢᠶᠠᠨ ᠤ ᠬᠡᠤᠬᠡᠳ ᠤᠨ ᠴᠡᠴᠡᠷᠯᠢᠭ᠂ ᠲᠤᠮᠳᠠᠳᠤ | ᠪᠠᠭ᠎ᠠ ᠰᠤᠷᠭᠠᠭᠤᠯᠢ ᠳᠤ ᠰᠤᠷᠤᠬᠴᠢᠳ ᠤᠨ ᠪᠤᠳᠠᠳᠠᠢ ᠪᠠᠶᠢᠳᠠᠯ ᠢ ᠦᠨᠳᠦᠰᠦᠯᠡᠨ ᠵᠢᠭᠠᠨ ᠰᠤᠷᠭᠠᠯᠳᠠ ᠦᠷᠨᠢᠬᠦᠯᠵᠤ | ᠪᠤᠢ᠃ ᠲᠦᠴᠢᠤᠸᠠᠨ ᠰᠢᠶᠠᠨ ᠤ ᠲᠤᠮᠳᠠ ᠵᠡᠷᠭᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠤᠬᠴᠢ ᠼᠠᠢ | ᠵᠢᠶᠠ ᠯᠤ᠋ ᠪᠡᠬᠡᠵᠢᠩ ᠤᠨ ᠠᠷᠪᠠᠨ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠯᠠᠩ ᠶᠤᠸᠠᠢ ᠰᠤᠷᠭᠠᠭᠤᠯᠢ ᠶᠢᠨ | ᠪᠠᠭᠰᠢ ᠵᠢᠶᠤᠤ ᠴᠦᠨ ᠹᠧᠩ ᠤᠨ ᠬᠢᠴᠢᠶᠡᠯ ᠢ ᠰᠤᠨᠤᠰᠤᠬᠰᠠᠨ ᠤ ᠲᠠᠷᠠᠭ᠎ᠠ᠄ ︽ᠪᠢ ᠵᠢᠶᠤᠤ ᠴᠦᠨ ᠹᠧᠩ | ᠪᠠᠭᠰᠢ ᠶᠢᠨ ᠬᠢᠴᠢᠶᠡᠯ ᠢ ᠰᠤᠨᠤᠰᠬᠤ ᠲᠤᠷᠠᠳᠠᠢ᠂ ᠲᠡᠬᠦᠨ ᠤ ᠵᠢᠭᠠᠬᠤ ᠬᠢᠴᠢᠶᠡᠯ ᠨᠢ ᠲᠦᠢᠯ ᠤᠨ ᠰᠤᠨᠢᠷᠬᠠᠯᠳᠠᠢ ᠶᠤᠮ︾ | ᠬᠡᠵᠦ ᠶᠠᠷᠢᠵᠦ ᠪᠠᠶᠢᠯ᠎ᠠ᠃ | ᠪᠡᠬᠡᠵᠢᠩ ᠬᠤᠳᠠ ᠶᠢᠨ ᠰᠤ᠋ ᠮᠠ ᠲᠦ᠋ ᠰᠤᠷᠭᠠᠨ ᠬᠦᠮᠦᠵᠢᠯ ᠤᠨ ᠪᠦᠯᠦᠭᠯᠡᠯ ᠤᠨ ᠡᠬᠦᠰᠭᠡᠨ ᠪᠠᠶᠢᠭᠤᠯᠤᠬᠴᠢ | ᠡᠤ ᡁᠢ᠄ ︽ᠵᠠᠯᠠᠶᠢᠳ ᠬᠤᠰᠢᠭᠤᠨ ᠤ ᠲᠦᠷᠪᠡᠨ ᠤᠯᠠᠷᠢᠯ ᠤᠨ ᠦᠵᠡᠮᠵᠢ ᠲᠦᠢᠯ ᠤᠨ ᠭᠤᠶᠤ ᠪᠠᠶᠢᠨ᠎ᠠ᠃ ᠪᠢᠳᠡ | ᠤᠯᠠᠷᠢᠯ ᠤᠨ ᠪᠠᠶᠢᠳᠠᠯ ᠢ ᠦᠨᠳᠦᠰᠦᠯᠡᠨ ᠠᠳᠠᠯᠢ ᠪᠤᠰᠤ ᠤᠨᠴᠠᠯᠢᠬᠳᠤ ᠬᠡᠷ ᠤᠨ ᠭᠠᠳᠠᠨᠠᠬᠢ ᠰᠤᠳᠤᠯᠤᠨ ᠰᠤᠷᠤᠯᠴᠠᠬᠤ | ᠠᠵᠢᠯᠯᠠᠭ᠎ᠠ ᠦᠷᠨᠢᠬᠦᠯᠳᠡᠭ︾ ᠬᠡᠵᠦ ᠶᠠᠷᠢᠵᠦ ᠪᠠᠶᠢᠯ᠎ᠠ᠃ 2024 ᠤᠨ ᠳᠤ᠂ ᠪᠡᠬᠡᠵᠢᠩ ᠬᠤᠳᠠ ᠶᠢᠨ ᠹᠸᠡᠭᠲ᠋ᠠᠢ | ᠲᠤᠭᠤᠷᠢᠭ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠮᠵᠢᠯᠬᠡ ᠲᠤᠤᠷ᠎ᠠ᠂ ᠰᠤ᠋ ᠮᠠ ᠲᠦ᠋ ᠰᠤᠷᠭᠠᠨ | ᠬᠦᠮᠦᠵᠢᠯ ᠤᠨ ᠪᠦᠯᠦᠭᠯᠡᠯ ᠪᠤᠯᠤᠨ ᠵᠠᠯᠠᠶᠢᠳ ᠬᠤᠰᠢᠭᠤ ᠬᠠᠮᠳᠤᠪᠡᠷ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ | ᠰᠢᠨ᠎ᠠ ᠪᠠᠷ ᠨᠡᠬᠡᠬᠡᠵᠦ᠂ ᠴᠢᠨᠠᠷ ᠰᠠᠶᠢᠳᠠᠢ ᠰᠤᠳᠤᠯᠤᠨ ᠰᠤᠷᠤᠯᠴᠠᠬᠤ ᠬᠠᠮᠵᠢᠯᠴᠠᠭᠠᠨ ᠤ ᠲᠦᠷᠦᠯ ᠵᠦᠢᠯ ᠢ ᠬᠠᠮᠳᠤᠪᠡᠷ | ᠪᠤᠢ ᠪᠤᠯᠭᠠᠵᠠᠢ᠃ ᠤᠳᠤ᠂ ᠵᠠᠯᠠᠶᠢᠳ ᠬᠤᠰᠢᠭᠤ ᠨᠡᠶᠢᠳᠡ 8 ᠬᠤᠭᠤᠴᠠᠭᠠᠨ ᠤ ᠰᠤᠳᠤᠯᠤᠨ ᠰᠤᠷᠤᠯᠴᠠᠬᠤ | ᠠᠵᠢᠯᠯᠠᠭ᠎ᠠ ᠦᠷᠨᠢᠬᠦᠯᠵᠦ᠂ ᠪᠡᠬᠡᠵᠢᠩ ᠦᠪᠦᠷ ᠮᠤᠩᠭᠤᠯ ᠬᠤᠶᠠᠷ ᠭᠠᠵᠠᠷ ᠤᠨ ᠰᠤᠷᠭᠠᠨ ᠬᠦᠮᠦᠵᠢᠯ ᠰᠤᠶᠤᠯ ᠤᠨ | ᠰᠤᠯᠢᠯᠴᠠᠭ᠎ᠠ ᠪᠠ ᠰᠤᠷᠭᠠᠨ ᠬᠦᠮᠦᠵᠢᠯ ᠤᠨ ᠬᠦᠷᠢᠶᠡᠨ ᠤ ᠬᠠᠮᠵᠢᠯᠴᠠᠭᠠᠨ ᠤ ᠬᠦᠭᠵᠢᠯᠳᠡ ᠶᠢ ᠠᠬᠢᠭᠤᠯᠵᠠᠢ᠃ | ᠡᠬᠦᠨ ᠤ ᠬᠠᠮᠳᠤ᠂ ᠪᠡᠬᠡᠵᠢᠩ ᠬᠤᠳᠠ ᠶᠢᠨ ᠳ᠋ᠦᠡᠭᠴᠧᠩ ᠲᠤᠭᠤᠷᠢᠭ ᠬᠠᠪᠰᠦᠷᠦᠨ ᠲᠡᠳᠬᠦᠬᠦ ᠰᠡᠳᠬᠢᠮᠵᠢ | ᠵᠢᠴᠢ ᠵᠠᠬᠪᠦᠷ ᠢᠶᠠᠨ ᠲᠠᠰᠦᠷᠠᠯᠳᠠ ᠦᠬᠡᠢ ᠰᠢᠨᠡᠳᠬᠡᠵᠦ᠂ ᠵᠤᠯᠭᠠᠯᠴᠠᠭᠰᠠᠨ ᠰᠤᠷᠭᠠᠭᠤᠯᠢ ᠶᠢᠨ ᠬᠠᠮᠢᠶᠠᠷᠦᠯᠳᠠ ᠶᠢᠨ | ᠡᠩᠨᠡᠭᠡ ᠶᠢᠨ ᠪᠠᠶᠢᠭᠤᠯᠤᠯᠳᠠ ᠶᠢ ᠠᠬᠢᠭᠤᠯᠤᠨ᠂ ᠭᠤᠤᠯᠯᠠᠬᠴᠢ ᠪᠠᠭᠰᠢ ᠬᠦᠮᠦᠵᠢᠬᠦᠯᠬᠦ ᠬᠦᠴᠦᠯᠡᠴᠡ ᠪᠠᠨ | ᠨᠡᠮᠡᠭᠳᠡᠬᠦᠯᠵᠡᠢ᠃ ᠪᠡᠬᠡᠵᠢᠩ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠬᠠᠮᠵᠢᠯᠴᠠᠭ᠎ᠠ ᠪᠠᠷ ᠲᠠᠮᠵᠢᠭᠤᠯᠤᠨ᠂ | ᠷᠠᠰᠢᠶᠠᠨ ᠬᠤᠳᠠ ᠶᠢᠨ ᠡᠩ ᠤᠨ ᠲᠡᠭᠡᠳᠦ ᠰᠤᠷᠭᠠᠭᠤᠯᠢ ᠳᠤ ᠰᠢᠯᠭᠠᠬᠤ ᠬᠢᠷᠢ ᠪᠦᠳᠦᠮᠵᠢ ᠲᠠᠰᠦᠷᠠᠯᠳᠠ ᠦᠬᠡᠢ | ᠲᠡᠭᠡᠭᠰᠢᠯᠡᠵᠡᠢ᠃ | ᠪᠡᠬᠡᠵᠢᠩ ᠦᠪᠦᠷ ᠮᠤᠩᠭᠤᠯ ᠤᠨ ᠬᠠᠮᠵᠢᠯᠴᠠᠭ᠎ᠠ ᠨᠢ ᠰᠤᠷᠤᠬᠴᠢᠳ ᠲᠤ ᠨᠡᠷᠡᠳᠤ ᠪᠠᠭᠰᠢ ᠠᠴᠠ | ᠰᠤᠷᠤᠯᠴᠠᠬᠤ ᠵᠠᠪᠰᠢᠶᠠᠨ ᠤᠯᠭᠤᠵᠦ᠂ ᠰᠢᠯᠢᠳᠡᠭ ᠰᠤᠷᠭᠠᠨ ᠬᠦᠮᠦᠵᠢᠯ ᠤᠨ ᠡᠬᠢ ᠪᠠᠶᠠᠯᠢᠭ ᠢ ᠰᠤᠷᠤᠬᠴᠢᠳ ᠤᠨ | ᠲᠡᠷᠬᠡᠳᠡ ᠬᠦᠷᠭᠡᠵᠡᠢ᠃ ᠤᠳᠤ ᠪᠤᠯᠳᠠᠯ᠎ᠠ᠂ ᠬᠢᠨᠭ᠍ᠭᠠᠨ ᠠᠶᠢᠮᠠᠭ ᠤᠨ 158 ᠰᠤᠷᠭᠠᠭᠤᠯᠢ ᠪᠤᠯᠤᠨ ᠪᠡᠬᠡᠵᠢᠩ | ᠬᠤᠳᠠ ᠶᠢᠨ 91 ᠰᠢᠯᠢᠳᠡᠭ ᠰᠤᠷᠭᠠᠭᠤᠯᠢ ᠶᠢ ᠵᠤᠯᠭᠠᠯᠴᠠᠭᠤᠯᠤᠨ ᠬᠠᠮᠳᠦᠪᠡᠷ ᠪᠠᠶᠢᠭᠤᠯᠤᠬᠰᠠᠨ ᠪᠦᠭᠡᠳ ᠰᠤᠳᠤᠯᠤᠨ | ᠶᠠᠷᠢᠯᠴᠠᠬᠤ᠂ ᠠᠯᠦᠰ ᠡᠵᠡᠮᠰᠢᠯ ᠤᠨ ᠬᠦᠮᠦᠵᠢᠯ ᠵᠡᠷᠭᠡ ᠠᠵᠢᠯᠯᠠᠭ᠎ᠠ ᠶᠢ ᠪᠠᠶᠢᠡᠭᠭᠤ ᠶᠢᠨ ᠴᠢᠨᠠᠷᠳᠠᠢ ᠦᠷᠨᠢᠬᠦᠯᠵᠤ ᠪᠤᠢ᠃ | | ᠬᠢᠨᠭ᠍ᠭᠠᠨ ᠠᠶᠢᠮᠠᠭ ᠪᠠᠰᠠ ︽ᠬᠤᠤᠰ ᠵᠠᠭᠤ ᠬᠤᠤᠰ ᠮᠢᠩᠭ᠎ᠠ︾ ᠶᠢᠨ ᠠᠵᠢᠯᠯᠠᠭ᠎ᠠ ᠶᠢ ᠪᠦᠬᠦ ᠲᠠᠯ᠎ᠠ ᠪᠠᠷ | ᠬᠡᠷᠡᠭᠵᠢᠬᠦᠯᠵᠦ᠂ 47 ᠨᠡᠷᠡᠰ ᠵᠠᠬᠢᠷᠦᠯ ᠢ ᠪᠡᠬᠡᠵᠢᠩ ᠬᠤᠳᠠ ᠳᠤ ᠲᠤᠮᠢᠯᠠᠨ ᠪᠤᠯᠪᠠᠰᠦᠷᠠᠯ ᠬᠦᠷᠳᠡᠭᠡᠵᠦ᠂ ᠪᠠᠭᠰᠢ ᠶᠢᠨ | ᠰᠤᠳᠤᠯᠤᠨ ᠰᠤᠷᠤᠯᠴᠠᠬᠤ ᠬᠠᠮᠳᠤ ᠶᠢᠨ ᠴᠤᠬᠴᠠ ᠶᠢ 110 ᠪᠠᠶᠢᠭᠤᠯᠵᠦ᠂ 914 ᠨᠡᠷᠡᠰ ᠵᠠᠯᠠᠭᠤ ᠪᠠᠭᠰᠢ ᠶᠢ | ᠰᠤᠳᠤᠯᠤᠨ ᠰᠤᠷᠤᠯᠴᠠᠬᠤ ᠬᠠᠮᠳᠤ ᠶᠢᠨ ᠴᠤᠬᠴᠠ ᠳᠤ ᠪᠤᠯᠪᠠᠰᠤᠷᠠᠭᠤᠯᠤᠨ ᠬᠦᠮᠦᠵᠢᠬᠦᠯᠵᠦ᠂ 1067 ᠰᠤᠩᠭᠤᠳᠠᠭ | ᠬᠢᠴᠢᠶᠡᠯ ᠲᠠᠢ ᠪᠤᠯᠭᠠᠵᠠᠢ᠃ ᠪᠡᠬᠡᠵᠢᠩ ᠬᠤᠳᠠ ᠶᠢᠨ ᠰᠤᠷᠭᠠᠨ ᠬᠦᠮᠦᠵᠢᠯ ᠤᠨ ᠲᠡᠭᠡᠳᠦ ᠰᠤᠷᠭᠠᠭᠤᠯᠢ᠂ ᠭᠤᠸᠠᠩ | ᠴᠢᠤᠢ ᠮᠧᠨ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠪᠦᠯᠦᠭᠯᠡᠯ ᠲᠠᠢ ᠬᠠᠮᠳᠤᠷᠠᠨ 3 ︽ᠨᠡᠷᠡᠳᠤ | ᠵᠠᠬᠢᠷᠦᠯ ᠤᠨ ᠠᠵᠢᠯᠯᠠᠬᠤ ᠲᠠᠰᠤᠭ︾ ᠢ ᠪᠠᠶᠢᠭᠤᠯᠵᠦ᠂ ᠠᠶᠢᠮᠠᠭ ᠤᠨ ᠲᠤᠳᠤᠷᠠᠬᠢ 30 ᠨᠡᠷᠡᠰ ᠵᠠᠬᠢᠷᠦᠯ ᠢ ︽ᠨᠡᠷᠡᠳᠤ | ᠵᠠᠬᠢᠷᠦᠯ ᠤᠨ ᠠᠵᠢᠯᠯᠠᠬᠤ ᠲᠠᠰᠤᠭ︾ ᠲᠤ ᠭᠤᠤᠯᠳᠠᠯᠭ᠎ᠠ ᠲᠠᠢ ᠬᠦᠮᠦᠵᠢᠬᠦᠯᠵᠡᠢ᠃ ᠠᠵᠢᠯ ᠮᠡᠷᠬᠡᠵᠢᠯ ᠤᠨ ᠰᠤᠷᠭᠠᠨ | ᠬᠦᠮᠦᠵᠢᠯ ᠤᠨ ᠲᠡᠰ ᠲᠡᠪᠰᠢᠬᠦᠯᠬᠦ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠵᠠᠯᠠᠶᠢᠳ ᠬᠤᠰᠢᠭᠤ᠂ ᠬᠤᠷᠴᠢᠨ | ᠪᠠᠷᠠᠭᠤᠨ ᠭᠠᠷᠦᠨ ᠡᠮᠦᠨᠡᠳᠤ ᠬᠤᠰᠢᠭᠤ᠂ ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤᠨ ᠤ 3 ᠲᠤᠮᠳᠠ | ᠵᠡᠷᠭᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢ ︽4+5+N︾ ᠪᠡᠬᠡᠵᠢᠩ ᠦᠪᠦᠷ ᠮᠤᠩᠭᠤᠯ ᠤᠨ ᠠᠵᠢᠯ | ᠮᠡᠷᠬᠡᠵᠢᠯ ᠤᠨ ᠪᠠᠭᠰᠢ ᠶᠢ ᠬᠦᠮᠤᠵᠢᠬᠦᠯᠬᠦ ᠬᠦᠭᠵᠢᠯᠳᠡ ᠶᠢᠨ ᠬᠤᠯᠪᠤᠭᠠᠯᠠᠯ ᠳᠤ ᠤᠷᠤᠭᠤᠯᠵᠦ᠂ ᠰᠢᠯᠢᠳᠡᠭ ᠬᠢᠴᠢᠶᠡᠯ᠂ | ᠵᠢᠭᠠᠨ ᠰᠤᠷᠭᠠᠯᠳᠠ ᠶᠢᠨ ᠡᠬᠢ ᠪᠠᠶᠠᠯᠢᠭ ᠤᠨ ᠬᠦᠮᠦᠷᠬᠡ᠂ ᠪᠤᠳᠠᠳᠤ ᠰᠤᠷᠢᠯᠳᠠ ᠶᠢᠨ ᠰᠠᠭᠤᠷᠢᠨ ᠭᠠᠵᠠᠷ ᠢ ᠬᠠᠮᠳᠤᠪᠡᠷ | ᠪᠠᠶᠢᠭᠤᠯᠵᠦ ᠬᠠᠮᠳᠤᠪᠡᠷ ᠡᠳ᠋ᠯᠡᠵᠡᠢ᠃ 2024 ᠤᠨ ᠳᠤ᠂ 3 ᠠᠵᠢᠯ ᠮᠡᠷᠬᠡᠵᠢᠯ ᠤᠨ ᠰᠤᠷᠭᠠᠭᠤᠯᠢ ᠶᠢᠨ 51 | ᠰᠤᠷᠤᠬᠴᠢ ᠵᠢᠩᠬᠢᠨᠢ ᠠᠩᠬᠢ ᠶᠢᠨ ᠱᠤᠭᠤᠮ ᠢ ᠲᠠᠪᠠᠵᠦ᠂ 2023 ᠤᠨ ᠲᠠᠢ ᠬᠠᠷᠢᠴᠠᠭᠤᠯᠪᠠᠯ 20 ᠪᠤᠯᠵᠤ | ᠨᠡᠮᠡᠭᠳᠡᠵᠡᠢ᠃ | ᠪᠡᠬᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ᠬᠦᠨᠵᠡᠬᠡᠶᠢᠷᠡᠬᠦ ᠶᠢ ᠲᠠᠭᠠᠯᠳᠤᠨ᠂ ᠬᠢᠨᠭ᠍ᠭᠠᠨ | ᠠᠶᠢᠮᠠᠭ ᠤᠨ ᠰᠤᠷᠭᠠᠨ ᠬᠦᠮᠦᠵᠢᠯ ᠴᠤ ᠲᠤᠳᠤᠭᠠᠳᠤ ᠬᠦᠳᠡᠯᠭᠡᠭᠴᠢ ᠬᠦᠴᠦᠨ ᠢᠶᠠᠨ ᠬᠦᠭᠵᠢᠬᠡᠵᠦ᠂ ᠪᠡᠬᠡᠵᠢᠩ ᠦᠪᠦᠷ | ᠮᠤᠩᠭᠤᠯ ᠤᠨ ᠬᠠᠮᠵᠢᠯᠴᠠᠭᠠᠨ ᠤ ᠲᠡᠪᠴᠡᠩ ᠢ ᠦᠷᠬᠦᠯᠵᠢᠯᠡᠨ ᠠᠰᠢᠬᠯᠠᠵᠦ᠂ ᠰᠤᠷᠭᠠᠨ ᠬᠦᠮᠦᠵᠢᠯ ᠤᠨ ᠬᠢᠷᠢ | ᠲᠦᠪᠰᠢᠨ ᠢ ᠲᠡᠭᠡᠭᠰᠢᠯᠡᠬᠦᠯᠬᠦ ᠲᠦᠯᠦᠪᠵᠢᠬᠦᠯᠬᠡ ᠶᠢ ᠲᠤᠭᠤᠰᠢᠯᠠᠭᠤᠯᠵᠦ᠂ ᠨᠡᠶᠢᠰᠯᠡᠯ ᠬᠤᠳᠠ ᠶᠢᠨ ᠰᠢᠯᠢᠳᠡᠭ | ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠢᠨᠭ᠍ᠭᠠᠨ ᠠᠶᠢᠮᠠᠭ ᠲᠤ ᠠᠪᠴᠢᠷᠠᠨ᠂ ᠰᠤᠷᠤᠬᠴᠢᠳ ᠲᠤ ᠰᠢᠨ᠎ᠠ ᠦᠰᠦᠨ | ᠪᠤᠶᠢᠵᠢᠬᠤ ᠠᠵᠠ ᠵᠠᠪᠰᠢᠶᠠᠨ ᠤᠯᠭᠤᠵᠠᠢ᠃ ᠰᠢᠤᠢ ᠸᠧᠨ ᠵᠢᠶᠦ᠋ᠨ ᠮᠡᠳᠡᠬᠡᠯᠡᠪᠡ | | | | |