2025 ᠤᠨ ᠤ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/28
        3 ᠰᠠᠷ᠎ᠠ ᠶᠢᠨ 24 ᠤ ᠡᠳᠦᠷ᠂ ︽2025 ᠤᠨ ᠤ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ︾ ᠵᠢᠴᠢ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠪᠡᠭᠡᠵᠢᠩ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ᠳᠥᠷᠪᠡᠨ ᠤᠯᠠᠷᠢᠯ ᠤᠨ ᠵᠢᠭᠤᠯᠴᠢᠯᠠᠯ ᠢᠶᠠᠷ ᠭᠤᠤᠯᠳᠠᠯᠭ᠎ᠠ ᠪᠣᠯᠭᠠᠵᠤ᠂ ᠬᠢᠩᠭᠠᠨ ᠠᠶᠢᠮᠠᠭ ᠤᠨ ᠪᠠᠶᠢᠭᠠᠯᠢᠯᠢᠭ ᠵᠢᠭᠤᠯᠴᠢᠯᠠᠯ ᠤᠨ ᠣᠨᠴᠠᠯᠢᠭ ᠢ ᠳᠣᠪᠤᠶᠢᠯᠭᠠᠨ᠂ ᠬᠢᠩᠭᠠᠨ ᠠᠶᠢᠮᠠᠭ ᠤᠨ ᠪᠠᠶᠢᠭᠠᠯᠢ ᠶᠢᠨ ᠠᠮᠢ ᠠᠬᠤᠶ ᠶᠢᠨ ᠦᠵᠡᠮᠵᠢ᠂ ᠰᠣᠶᠣᠯ ᠢᠷᠭᠡᠨᠰᠢᠯ ᠤᠨ ᠡᠬᠢ ᠪᠠᠶᠠᠯᠢᠭ᠂ ᠬᠤᠪᠢᠰᠬᠠᠯᠳᠥ ᠰᠣᠶᠣᠯ ᠵᠢᠴᠢ ᠣᠨᠴᠠᠯᠢᠭᠲᠤ ᠰᠠᠶᠢᠨ ᠪᠠᠷᠠᠭ᠎ᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ 2025 ᠣᠨ ᠤ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠢ ᠲᠠᠨᠢᠯᠴᠠᠭᠤᠯᠵᠦ᠂ ᠪᠡᠭᠡᠵᠢᠩ ᠵᠢᠴᠢ ᠪᠥᠬᠦ ᠤᠯᠤᠰ ᠤᠨ ᠵᠢᠭᠤᠯᠴᠢᠯᠠᠭᠴᠢᠳ ᠬᠢᠨᠭ᠍ᠭᠠᠨ ᠠᠶᠢᠮᠠᠭ ᠲᠤ ᠵᠢᠭᠤᠯᠴᠢᠯᠠᠬᠤ ᠪᠠᠷ ᠢᠷᠡᠬᠦ ᠶᠢ ᠬᠦᠰᠡᠨ ᠡᠷᠡᠮᠡᠯᠵᠡᠭᠰᠡᠨ ᠪᠠᠶᠢᠨ᠎ᠠ᠃        ᠲᠠᠨᠢᠯᠴᠠᠭᠤᠯᠭ᠎ᠠ ᠶᠢᠨ ᠬᠤᠷᠠᠯ ᠤᠨ ᠠᠬᠤᠶ ᠲᠠᠯᠠᠪᠠᠶ ᠳᠤ᠂ ︽ᠬᠢᠩᠭᠠᠨ ᠤ ᠴᠢᠨᠠᠷ ᠰᠠᠶᠢᠲᠠᠢ ᠪᠠᠷᠠᠭ᠎ᠠ︾᠂ ︽ᠬᠢᠩᠭᠠᠨ ᠤ ᠨᠠᠨᠳᠢᠨ ᠪᠡᠯᠡᠭ︾ ᠵᠡᠷᠭᠡ ᠵᠠᠭᠤ ᠭᠠᠷᠤᠶ ᠵᠦᠢᠯ ᠤᠨ ᠣᠨᠴᠠᠯᠢᠭᠲᠤ ᠪᠦᠲᠦᠭᠡᠭᠳᠡᠬᠦᠨ ᠣᠯᠠᠨ ᠤ ᠠᠩᠬᠠᠷᠤᠯ ᠢ ᠲᠠᠲᠠᠵᠠᠶ᠃ ᠬᠢᠩᠭᠠᠨ ᠠᠶᠢᠮᠠᠭ ᠤᠨ ᠠᠳᠢᠶ᠎ᠠ ᠵᠢᠭᠤᠯᠴᠢᠯᠡᠯ ᠤᠨ ᠪᠡᠯᠡᠭ ᠤᠨ ᠬᠢᠵᠠᠭᠠᠷᠲᠤ ᠺᠣᠮᠫᠠᠨᠢ ᠶᠢᠨ ᠡᠭᠦᠳᠦᠭᠴᠢ ᠳ᠋ᠦᠩ ᠰᠢᠶᠤᠤ ᠵᠢᠶᠦ᠋ᠨ᠄ ︽ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ 100 ᠭᠠᠷᠤᠶ ᠬᠤᠪᠢᠰᠬᠠᠯᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠠᠪᠴᠢᠷᠠᠪᠠ᠂ ᠡᠭᠦᠨ ᠳᠤ ᠭᠤᠤᠯᠳᠠᠭᠤ ᠰᠤᠳᠤᠯᠤᠨ ᠰᠤᠷᠤᠯᠴᠠᠬᠤ ᠵᠢᠭᠤᠯᠴᠢᠯᠠᠯ ᠳᠤ ᠬᠠᠨᠳᠤᠭᠤᠯᠤᠭᠰᠠᠨ ᠰᠣᠶᠣᠯ ᠤᠨ ᠪᠦᠳᠤᠭᠡᠭᠳᠡᠬᠦᠨ᠂ ᠪᠢᠳᠡ ᠡᠶᠢᠮᠦᠷᠬᠦᠦ ᠲᠠᠪᠴᠠᠩ ᠢᠶᠠᠷ ᠳᠠᠮᠵᠢᠭᠤᠯᠤᠨ᠂ ᠨᠠᠩ ᠣᠯᠠᠨ ᠭᠠᠳᠠᠷ ᠣᠷᠣᠨ ᠤ ᠵᠢᠭᠤᠯᠴᠢᠯᠠᠭᠴᠢᠳ ᠢ ᠬᠢᠩᠭᠠᠨ ᠠᠶᠢᠮᠠᠭ ᠲᠤ ᠵᠢᠭᠤᠯᠴᠢᠯᠠᠨ ᠲᠤᠭᠤᠷᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠵᠤ᠂ ᠬᠢᠩᠭᠠᠨ ᠠᠶᠢᠮᠠᠭ ᠤᠨ ᠥᠪᠡᠷᠮᠢᠴᠡ ᠰᠣᠶᠣᠯ ᠤᠨ ᠷᠢᠳᠢ ᠰᠢᠳᠢ ᠶᠢ ᠮᠡᠳᠡᠷᠡᠬᠦ ᠶᠢ ᠬᠦᠰᠡᠵᠦ ᠪᠠᠶᠢᠨ᠎ᠠ︾ ᠭᠡᠵᠦ ᠶᠠᠷᠢᠵᠦ ᠪᠠᠶᠢᠯ᠎ᠠ᠃        ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠪᠡᠭᠡᠵᠢᠩ ᠬᠤᠲᠠ ᠬᠢᠭᠡᠳ ᠬᠢᠩᠭᠠᠨ ᠠᠶᠢᠮᠠᠭ ᠬᠤᠶᠠᠷ ᠭᠠᠵᠠᠷ ᠤᠨ ᠠᠵᠤ ᠠᠬᠤᠶᠢᠯᠠᠯ ᠤᠨ ᠲᠥᠯᠥᠭᠡᠯᠡᠭᠴᠢ ᠥᠢᠷ᠎ᠠ ᠤᠬᠳᠡᠷᠭᠤᠢ ᠪᠠᠷ ᠨᠢᠰᠭᠦ᠂ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ᠂ ᠰᠤᠳᠤᠯᠤᠨ ᠰᠤᠷᠤᠯᠴᠠᠬᠤ ᠲᠤᠰᠬᠠᠶ ᠱᠤᠭᠤᠮ ᠵᠡᠷᠭᠡ ᠶᠢᠨ ᠲᠣᠭᠤᠷᠢᠨ ᠳᠤ 13 ᠵᠦᠢᠯ ᠤᠨ ᠰᠣᠶᠣᠯ ᠵᠢᠭᠤᠯᠴᠢᠯᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃        ᠬᠢᠩᠭᠠᠨ ᠠᠶᠢᠮᠠᠭ ᠤᠨ ᠲᠢᠶᠠᠨ ᠪᠦᠦ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠶ ᠳᠠᠭᠠᠭᠠᠮᠠᠯ ᠸᠠᠩ ᠳ᠋ᠢ᠄ ︽ᠪᠢᠳᠡ ᠪᠡᠭᠡᠵᠢᠩ ᠤᠨ ᠱᠢ ᠵᠢᠢ ᠬᠤᠸᠠ ᠭᠤᠸᠠᠩ ᠵᠢᠭᠤᠯᠴᠢᠯᠠᠯ ᠤᠨ ᠬᠤᠷᠢᠶ᠎ᠠ ᠲᠠᠢ ᠵᠢᠭᠤᠯᠴᠢᠯᠠᠬᠴᠢᠳ ᠢ ᠬᠠᠷᠢᠯᠴᠠᠨ ᠬᠦᠷᠭᠡᠬᠦ ᠬᠡᠯᠡᠯᠴᠡᠭᠡᠷ ᠲᠣᠭᠲᠠᠪᠠ᠂ ᠡᠨᠡ ᠨᠢ ᠵᠢᠭᠤᠯᠴᠢᠯᠠᠬᠴᠢᠳ ᠢ ᠬᠦᠷᠭᠡᠬᠦ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ ᠦᠢᠯᠡᠴᠢᠯᠡᠭᠡᠨ ᠤ ᠪᠠᠷᠢᠮᠵᠢᠶ᠎ᠠ ᠶᠢᠨ ᠬᠤᠤᠰ ᠴᠢᠭᠯᠡᠯ ᠢᠶᠠᠷ ᠲᠠᠰ ᠳᠡᠪᠰᠢᠬᠦ ᠶᠢ ᠪᠡᠶᠡᠯᠡᠭᠦᠯᠬᠦ ᠪᠣᠯᠤᠨ᠎ᠠ︾ ᠭᠡᠵᠦ ᠶᠠᠷᠢᠵᠦ ᠪᠠᠶᠢᠯ᠎ᠠ᠃        ᠣᠶᠢᠷ᠎ᠠ ᠶᠢᠨ ᠵᠢᠯ ᠠᠴᠠ ᠨᠠᠭᠠᠰᠢ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠲᠦᠷᠦᠯ ᠲᠡᠮᠳᠡᠭ ᠤᠨ ᠬᠢᠯᠢ ᠠᠯᠤᠰᠯᠠᠨ ᠰᠢᠨ᠎ᠡ ᠶᠢ ᠡᠭᠦᠳᠴᠦ ᠬᠤᠯᠪᠣᠭᠠᠯᠠᠨ ᠬᠥᠳᠡᠯᠦᠯᠴᠡᠬᠦ᠂ ᠵᠢᠭᠤᠯᠴᠢᠯᠠᠯ ᠤᠨ ᠦᠢᠯᠡᠳᠬᠦᠨ ᠢ ᠦᠷᠭᠦᠯᠵᠢᠯᠡᠨ ᠣᠷᠣᠯᠠᠭᠤᠯᠵᠥ ᠵᠠᠬ᠎ᠠ ᠳᠡᠯᠭᠡᠭᠦᠷ ᠲᠤ ᠬᠦᠴᠦᠲᠡᠶ ᠬᠦᠴᠦᠨ ᠨᠡᠮᠡᠷᠢᠯᠡᠵᠦ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠥᠢᠷ᠎ᠠ ᠤᠬᠳᠡᠷᠭᠤᠢ ᠪᠠᠷ ᠨᠢᠰᠭᠦ᠂ ᠥᠪᠡᠰᠦᠪᠡᠨ ᠲᠡᠷᠭᠡ ᠵᠢᠯᠤᠭᠤᠳᠤᠨ ᠵᠢᠭᠤᠯᠴᠢᠯᠠᠬᠤ ᠵᠢᠭᠤᠯᠴᠢᠯᠠᠬᠴᠢᠳ ᠢ ᠬᠠᠷᠢᠯᠴᠠᠨ ᠬᠦᠷᠭᠡᠬᠦ ᠵᠡᠷᠭᠡ ᠭᠤᠤᠯᠳᠠᠯᠭ᠎ᠠ ᠲᠠᠢ ᠬᠡᠰᠡᠭ ᠲᠤ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃        ︽ᠥᠨᠥᠳᠦᠷ ᠤᠨ ᠲᠠᠨᠢᠯᠴᠠᠭᠤᠯᠬᠤ ᠬᠤᠷᠠᠯ ᠪᠣᠯ ᠵᠥᠪᠬᠡᠨ ᠨᠢᠭᠡᠨ ᠡᠬᠢᠯᠡᠯᠲᠡ ᠮᠥᠨ᠂ ᠢᠷᠡᠭᠡᠳᠦᠢ ᠳᠤ ᠪᠢᠳᠡ ᠰᠣᠶᠣᠯ ᠵᠢᠭᠤᠯᠴᠢᠯᠠᠯ ᠤᠨ ᠬᠠᠮᠵᠢᠯᠴᠠᠭ᠎ᠠ ᠪᠠᠷ ᠬᠤᠯᠪᠣᠭᠠᠰᠤ ᠪᠣᠯᠭᠠᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢ ᠪᠠᠶᠢᠩᠭᠤᠵᠢᠭᠤᠯᠬᠤ᠂ ᠲᠣᠭᠲᠠᠴᠠ ᠳᠤ ᠣᠷᠣᠭᠤᠯᠬᠤ ᠶᠢ ᠠᠬᠢᠭᠤᠯᠤᠨ᠎ᠠ᠂ ᠪᠠᠰᠠ ︿ᠤᠮᠠᠷᠠᠳᠤ ᠬᠢᠯᠢ ᠪᠠᠷ ᠵᠢᠭᠤᠯᠴᠢᠯᠠᠬᠤ﹀᠂ ︿ᠤᠮᠠᠷᠠᠳᠤ ᠬᠢᠯᠢ ᠳᠤ ᠬᠠᠷᠠᠭᠠᠯᠵᠠᠯ ᠦᠵᠡᠬᠦᠯᠬᠦ﹀︾ ᠭᠤᠤᠯ ᠰᠡᠳᠤᠪ ᠤᠨ ᠲᠤᠭᠤᠷᠢᠨ ᠳᠤ᠂ ᠬᠠᠪᠤᠷ ᠤᠨ ᠤᠯᠠᠷᠢᠯ ᠤᠨ 8 ᠰᠤᠳᠤᠨ ᠱᠤᠭᠤᠮ ᠪᠠ ᠰᠢᠷᠢᠰ ᠤᠨᠴᠠ ᠬᠠᠷᠠᠭᠠᠯᠵᠠᠯ ᠢ ᠲᠤᠭᠳᠠᠭᠠᠵᠦ ᠂ ᠵᠢᠭᠤᠯᠴᠢᠯᠠᠬᠴᠢᠳ ᠤᠨ ᠦᠪᠡᠷᠮᠢᠴᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠩᠭᠠᠵᠦ᠂ ᠬᠢᠩᠭᠠᠨ ᠠᠶᠢᠮᠠᠭ ᠲᠤ ᠢᠷᠡᠭᠰᠡᠨ ᠨᠠᠶᠢᠵᠠ ᠨᠠᠷ ᠲᠤ ᠤᠮᠠᠷᠠᠳᠤ ᠬᠢᠯᠢ ᠶᠢᠨ ᠦᠪᠡᠷᠮᠢᠴᠡ ᠷᠢᠳᠢ ᠰᠢᠳᠢ ᠶᠢ ᠮᠡᠳᠡᠷᠡᠭᠦᠯᠬᠦ ᠪᠤᠯᠤᠨ᠎ᠠ︾ ᠭᠡᠵᠤ ᠬᠢᠩᠭᠠᠨ ᠠᠶᠢᠮᠠᠭ ᠤᠨ ᠰᠤᠶᠤᠯ ᠵᠢᠭᠤᠯᠴᠢᠯᠡᠯ ᠪᠡᠶ᠎ᠡ ᠲᠠᠮᠢᠷ ᠤᠨ ᠲᠤᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠸᠠᠩ ᠲᠢᠶᠠᠨ ᠹᠧᠩ ᠬᠡᠯᠡᠵᠦ ᠪᠠᠶᠢᠯ᠎ᠠ᠃        ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠭᠰᠡᠨ ᠨᠢ ᠬᠢᠩᠭᠠᠨ ᠠᠶᠢᠮᠠᠭ ᠤᠨ ᠥᠪᠡᠷᠮᠢᠴᠡ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠬᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠬᠢᠩᠭᠠᠨ ᠠᠶᠢᠮᠠᠭ ᠦᠷᠭᠦᠯᠵᠢᠯᠡᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠳᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠤᠨ ᠵᠢᠭᠤᠯᠴᠢᠯᠠᠬᠴᠢᠳ ᠲᠤ ᠨᠡᠩ ᠰᠢᠯᠢᠳᠡᠭ ᠵᠢᠭᠤᠯᠴᠢᠯᠡᠯ ᠤᠨ ᠤᠶᠢᠯᠡᠴᠢᠯᠡᠭᠡ ᠬᠠᠨᠭ᠍ᠭᠠᠬᠤ ᠪᠤᠯᠦᠨ᠎ᠠ᠃ ︵ᠵᠸᠦ ᠰᠢᠨ ᠢᠤᠢ ᠴᠧᠨ ᠰᠢᠶᠤᠤ ᠮᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号