| ᠪᠤᠯᠪᠠᠰᠦᠨ ᠤ ᠦᠢᠯᠡᠳᠦᠯᠬᠡ ᠶᠢᠨ ᠠᠵᠢᠯ ᠪᠤᠯᠤᠨ ᠰᠤᠷᠭᠠᠨ ᠬᠦᠮᠦᠵᠢᠯ ᠤᠨ ᠬᠦᠨᠵᠡᠬᠡᠢ ᠠᠭᠤᠰᠤᠯᠴᠠᠯ | ᠬᠦᠭᠵᠢᠯᠳᠡ ᠶᠢ ᠢᠳᠡᠪᠬᠢᠳᠡᠢ ᠠᠬᠢᠭᠤᠯᠵᠦ᠂ ᠪᠦᠬᠦ ᠨᠡᠶᠢᠬᠡᠮ ᠤᠨ ᠤᠨᠴᠠᠭᠠᠢ ᠰᠤᠷᠭᠠᠨ ᠬᠦᠮᠦᠵᠢᠯ ᠢ ᠠᠩᠬᠠᠷᠦᠨ | ᠲᠡᠮᠵᠢᠬᠦ ᠶᠢ ᠲᠠᠰᠦᠷᠠᠯᠳᠠ ᠦᠬᠡᠢ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠤᠯᠠᠭᠠᠨᠬᠤᠳᠠ ᠶᠢᠨ ᠰᠢᠨ᠎ᠠ ᠴᠠᠭ | ᠦᠶ᠎ᠡ ᠶᠢᠨ ᠪᠤᠯᠪᠠᠰᠦᠨ ᠤ ᠦᠢᠯᠡᠳᠦᠯᠬᠡ ᠶᠢᠨ ᠦᠢᠯᠡᠴᠢᠯᠡᠬᠡᠨ ᠤ ᠲᠦᠪ ᠬᠢᠨᠭ᠍ᠭᠠᠨ ᠠᠶᠢᠮᠠᠭ ᠤᠨ ᠤᠨᠴᠠᠭᠠᠢ ᠰᠤᠷᠭᠠᠨ | ᠬᠦᠮᠦᠵᠢᠯ ᠤᠨ ᠰᠤᠷᠭᠠᠭᠤᠯᠢ᠂ ᠤᠯᠠᠭᠠᠨᠬᠤᠳᠠ ᠶᠢᠨ ᠬᠢᠨᠭ᠍ᠭᠠᠨ ᠨᠢᠬᠡᠳᠦᠭᠡᠷ ᠪᠠᠭ᠎ᠠ ᠰᠤᠷᠭᠠᠭᠤᠯᠢ᠂ ᠬᠤᠩ ᠴᠧᠩ | ᠰᠠᠶᠢᠨ ᠲᠤᠷᠠᠴᠤᠤᠯ ᠤᠨ ᠨᠡᠶᠢᠬᠡᠮᠯᠢᠭ ᠲᠠᠢ ᠬᠠᠮᠳᠤᠷᠠᠨ᠂ ᠭᠤᠤᠯ ᠰᠡᠳᠤᠪᠳᠤ ᠪᠤᠯᠪᠠᠰᠦᠨ ᠤ ᠦᠢᠯᠡᠳᠦᠯᠬᠡ ᠶᠢᠨ | ᠰᠤᠯᠢᠯᠴᠠᠭᠠᠨ ᠤ ᠠᠵᠢᠯᠯᠠᠭ᠎ᠠ ᠦᠷᠨᠢᠬᠦᠯᠵᠡᠢ᠃ | ᠠᠵᠢᠯᠯᠠᠭ᠎ᠠ ᠳᠤ᠂ ᠡᠩ ᠤᠨ ᠰᠤᠷᠭᠠᠭᠤᠯᠢ ᠪᠠ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ 36 | ᠰᠤᠷᠤᠬᠴᠢ ᠤᠷᠤᠯᠴᠠᠵᠠᠢ᠃ ᠲᠡᠳᠡ ᠪᠠᠭᠰᠢ ᠶᠢᠨ ᠵᠢᠯᠤᠭᠤᠳᠤᠯᠭ᠎ᠠ ᠪᠠᠷ ᠸᠠᠭᠠᠷ ᠤᠨ ᠤᠷᠠᠯᠢᠭ᠂ ᠬᠠᠶᠢᠴᠢᠯᠠᠮᠠᠯ᠂ | ᠵᠢᠷᠤᠭ ᠡᠪᠯᠡᠬᠦᠯᠬᠦ ᠵᠡᠷᠭᠡ ᠲᠤᠬᠯᠠᠭᠠᠮ ᠨᠠᠭᠠᠳᠤᠬᠰᠠᠨ ᠪᠦᠭᠡᠳ ᠪᠠᠰᠠ ᠬᠠᠮᠳᠤᠪᠡᠷ ᠦᠳᠡ ᠶᠢᠨ ᠬᠤᠭᠤᠯᠠ ᠢᠳᠡᠵᠦ᠂ | ᠬᠤᠭᠤᠷᠤᠨᠳᠤᠬᠢ ᠨᠦᠬᠦᠷᠯᠡᠯ ᠢᠶᠠᠨ ᠵᠤᠵᠠᠭᠠᠳᠬᠠᠵᠠᠢ᠃ | ᠲᠠᠷᠠᠭᠠᠴᠢ ᠪᠠᠷ᠂ ᠤᠯᠠᠭᠠᠨᠬᠤᠳᠠ ᠶᠢᠨ ᠰᠢᠨ᠎ᠠ ᠴᠠᠭ ᠦᠶ᠎ᠡ ᠶᠢᠨ ᠪᠤᠯᠪᠠᠰᠦᠨ ᠤ ᠦᠢᠯᠡᠳᠦᠯᠬᠡ ᠶᠢᠨ | ᠦᠢᠯᠡᠴᠢᠯᠡᠬᠡᠨ ᠤ ᠲᠦᠪ ᠦᠷᠬᠦᠯᠵᠢᠯᠡᠨ ᠤᠯᠠᠨ ᠬᠡᠯᠪᠡᠷᠢ ᠶᠢᠨ ᠠᠵᠢᠯᠯᠠᠭ᠎ᠠ ᠦᠷᠨᠢᠬᠦᠯᠵᠦ᠂ ᠬᠡᠤᠬᠡᠳ ᠨᠢᠬᠡᠪᠦᠷᠢ ᠳᠤ | ᠬᠠᠯᠠᠭᠤᠨ ᠲᠤᠯᠠᠭᠠᠨ ᠬᠠᠶᠢᠷ᠎ᠠ ᠬᠦᠷᠳᠡᠬᠡᠬᠦ ᠪᠤᠯᠤᠨ᠎ᠠ᠃ ᠰᠦᠨ ᠵᠢᠩ ᠮᠡᠳᠡᠭᠡᠯᠡᠪᠡ |