| ᠤᠯᠠᠭᠠᠨᠬᠤᠲᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠰᠣᠶᠣᠯ | ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 20 ᠤ ᠡᠳᠦᠷ᠂ | ᠤᠯᠠᠭᠠᠨᠬᠤᠲᠠ ᠶᠢᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶ᠎ᠠ ᠰᠢᠨ᠎ᠡ ᠶᠢ ᠡᠭᠦᠳᠬᠦ ᠠᠷᠭ᠎ᠠ | ᠬᠡᠮᠵᠢᠶ᠎ᠡ ᠶᠢ ᠢᠳᠡᠪᠬᠢᠲᠡᠶ ᠥᠷᠨᠢᠭᠦᠯᠵᠦ᠂ ᠵᠢᠭᠤᠯᠴᠢᠯᠠᠯ ᠤᠨ ᠬᠤᠷᠢᠶ᠎ᠠ ᠶᠢ ᠵᠣᠬᠢᠶᠠᠨ ᠪᠠᠶᠢᠭᠤᠯᠵᠤ ᠪᠣᠳᠠᠰ ᠤᠨ ᠪᠤᠰᠤ | ᠰᠣᠶᠣᠯ ᠤᠨ ᠦᠪ ᠤᠨ ᠲᠦᠷᠦᠯ ᠵᠦᠢᠯ ᠤᠨ ᠠᠵᠤ ᠠᠬᠤᠶᠢᠯᠠᠯ ᠳᠤ ᠬᠦᠷᠴᠦ᠂ ᠪᠣᠳᠠᠰ ᠤᠨ ᠪᠤᠰᠤ ᠰᠣᠶᠣᠯ ᠤᠨ | ᠥᠪ ᠢ ᠭᠦᠨ ᠠᠭᠤᠳᠠᠯᠯᠠᠬᠤ ᠠᠵᠢᠯᠯᠠᠭ᠎ᠠ ᠪᠠᠨ ᠡᠬᠢᠯᠡᠭᠦᠯᠵᠠᠢ᠃ | ᠤᠯᠠᠭᠠᠨᠬᠤᠲᠠ ᠶᠢᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠴᠢ ᠴᠢᠶᠠᠨ | ᠬᠤᠶ ᠲᠤᠰᠬᠠᠶ ᠬᠤᠷᠠᠯ ᠡᠷᠭᠢᠯᠡᠨ ᠬᠤᠷᠠᠯᠳᠤᠭᠤᠯᠵᠤ᠂ ᠲᠣᠰ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ | ᠰᠣᠶᠣᠯ ᠬᠢᠭᠡᠳ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠡᠷᠬᠢᠨ ᠤᠶᠠᠯᠳᠤᠭᠤᠯᠬᠤ ᠶᠢ ᠭᠦᠨᠵᠡᠭᠡᠶ ᠵᠠᠳᠠᠯᠵᠤ ᠰᠤᠳᠤᠯᠤᠨ | ᠶᠠᠷᠢᠯᠴᠠᠵᠠᠢ᠃ ᠲᠡᠷᠡ ᠬᠡᠯᠡᠭᠰᠡᠨ ᠨᠢ᠂ ᠪᠣᠳᠠᠰ ᠤᠨ ᠪᠤᠰᠤ ᠰᠣᠶᠣᠯ ᠤᠨ ᠥᠪ ᠪᠣᠯ ᠤᠯᠠᠭᠠᠨᠬᠤᠳᠡ ᠶᠢᠨ ᠰᠣᠶᠣᠯ ᠤᠨ | ᠦᠨᠡᠲᠦ ᠡᠷᠳᠡᠨᠢ ᠮᠥᠨ᠂ ᠵᠢᠭᠤᠯᠴᠢᠯᠠᠯ ᠤᠨ ᠬᠤᠷᠢᠶ᠎ᠠ ᠪᠦᠬᠦ ᠲᠠᠯ᠎ᠠ ᠶᠢᠨ ᠤᠶᠢᠯᠡᠴᠢᠯᠡᠭᠡ ᠪᠠᠨ ᠰᠠᠶᠢᠵᠢᠷᠠᠭᠤᠯᠵᠦ᠂ | ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠰᠣᠶᠣᠯ ᠤᠨ | ᠠᠭᠤᠯᠤᠭᠳᠠᠬᠤᠨ ᠢ ᠪᠠᠶᠠᠯᠢᠭᠵᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤ ᠬᠦᠴᠦᠨ | ᠨᠡᠮᠡᠷᠢᠯᠡᠬᠦ ᠬᠡᠷᠡᠭᠲᠡᠶ ᠭᠡᠵᠠᠢ᠃ | ᠬᠤᠷᠠᠯ ᠤᠨ ᠳᠠᠷᠠᠭ᠎ᠠ᠂ ᠡᠯ᠎ᠠ ᠰᠠᠯᠠᠭ᠎ᠠ ᠮᠦᠴᠢᠷ ᠤᠨ ᠬᠠᠷᠢᠭᠤᠴᠠᠯᠠᠭᠠᠳᠠᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠲᠠᠰᠤᠭ ᠤᠨ ᠠᠵᠢᠯᠲᠠᠨ ᠲᠠᠢ ᠭᠦᠨᠵᠡᠭᠡᠶ ᠶᠠᠷᠢᠯᠴᠠᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠢ | ᠥᠷᠭᠡᠳᠭᠡᠵᠦ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ | ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠠᠰᠤᠭ ᠤᠨ ᠡᠭᠦᠷᠭᠡ ᠴᠢᠳᠠᠪᠬᠢ ᠪᠠᠨ ᠢᠳᠡᠪᠬᠢᠲᠡᠶ ᠪᠠᠳᠠᠷᠠᠭᠤᠯᠬᠤ ᠶᠢ | ᠵᠤᠷᠢᠵᠦ᠂ ᠵᠢᠭᠤᠯᠴᠢᠯᠠᠯ ᠤᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠠᠵᠤ ᠠᠬᠤᠶᠢᠯᠠᠯ ᠲᠠᠢ | ᠨᠡᠪᠲᠡᠷᠡᠯᠴᠡᠨ ᠵᠣᠬᠢᠴᠠᠭᠤᠯᠬᠤ ᠠᠵᠢᠯ ᠢ ᠰᠠᠶᠢᠲᠤᠷ ᠬᠢᠬᠦ ᠲᠤᠬᠠᠢ ᠶᠠᠷᠢᠯᠴᠠᠵᠠᠢ᠃ ᠡᠭᠦᠨ ᠤ ᠬᠠᠮᠲᠦ᠂ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠲᠠᠰᠤᠭ ᠤᠨ ᠠᠵᠢᠯᠲᠠᠨ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ | ᠲᠣᠳᠣᠷᠬᠠᠶᠢᠯᠠᠵᠤ᠂ ᠤᠯᠠᠭᠠᠨᠬᠤᠲᠠ ᠶᠢᠨ ᠡᠯ᠎ᠡ ᠲᠣᠮᠣ ᠵᠢᠭᠤᠯᠴᠢᠯᠠᠯ ᠤᠨ ᠬᠤᠷᠢᠶ᠎ᠠ ᠲᠠᠢ ᠢᠳᠡᠪᠬᠢᠲᠡᠶ ᠪᠠᠷ ᠬᠠᠷᠢᠯᠴᠠᠵᠤ | ᠂ ᠵᠢᠭᠤᠯᠴᠢᠯᠠᠯ ᠤᠨ ᠬᠤᠷᠢᠶ᠎ᠠ ᠶᠢᠨ ᠬᠡᠷᠡᠭᠴᠡᠭᠡ ᠱᠠᠭᠠᠷᠳᠠᠯᠭ᠎ᠠ ᠪᠠ ᠰᠠᠨᠠᠭᠤᠯᠭ᠎ᠠ ᠶᠢ ᠤᠶᠢᠯᠠᠭᠠᠨ᠂ ᠠᠵᠢᠯᠯᠠᠭ᠎ᠠ ᠶᠢᠨ | ᠨᠠᠷᠢᠨ ᠵᠦᠢᠯᠡᠰ ᠢ ᠲᠣᠭᠲᠠᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠵᠤ ᠠᠬᠤᠶᠢᠯᠠᠯ ᠳᠤ ᠣᠷᠣᠬᠤ | ᠡᠮᠦᠨᠡᠬᠢ ᠬᠤᠭᠤᠴᠠᠭᠠᠨ ᠤ ᠪᠡᠯᠡᠳᠭᠡᠯ ᠢ ᠰᠠᠶᠢᠲᠤᠷ ᠬᠢᠬᠦ ᠭᠡᠷᠡᠭᠲᠠᠢ ᠭᠡᠵᠠᠢ᠃ | ᠬᠠᠮᠢᠶ᠎ᠠ ᠪᠦᠬᠦᠢ ᠬᠦᠮᠦᠰ ᠠᠴᠠ ᠮᠧᠩ ᠳ᠋ᠢ ᠮᠣᠷᠢᠨ ᠬᠤᠭᠤᠷ ᠤᠨ ᠦᠢᠯᠡᠳᠪᠦᠷᠢ ᠪᠠ ᠨᠠᠢᠮᠠᠨ ᠠᠵᠢᠨᠠᠶ | ᠬᠦᠯᠦᠭ ᠮᠣᠩᠭᠤᠯ ᠬᠡᠷ ᠦᠢᠯᠡᠳᠬᠦ ᠦᠢᠯᠡᠳᠪᠦᠷᠢ ᠳᠤ ᠬᠦᠷᠴᠦ ᠲᠤᠬᠠᠶ ᠶᠢᠨ ᠭᠠᠵᠠᠷ ᠲᠤᠨᠢ ᠲᠤᠭᠤᠷᠢᠨ ᠪᠠᠶᠢᠴᠠᠭᠠᠵᠠᠢ | ᠃ ᠮᠧᠩ ᠳ᠋ᠢ ᠮᠣᠷᠢᠨ ᠬᠤᠭᠤᠷ ᠤᠨ ᠦᠢᠯᠡᠳᠪᠦᠷᠢ ᠳᠤ᠂ ᠣᠯᠠᠨ ᠢᠶᠠᠷ ᠢᠶᠠᠨ ᠮᠣᠷᠢᠨ ᠬᠤᠭᠤᠷ ᠦᠢᠯᠡᠳᠬᠦ ᠲᠠᠰᠤᠭ ᠢ | ᠲᠣᠭᠤᠷᠢᠨ ᠦᠵᠡᠵᠦ᠂ ᠮᠠᠲ᠋ᠧᠷᠢᠶᠠᠯ ᠰᠣᠩᠭᠤᠬᠤ ᠠᠴᠠ ᠰᠡᠶᠢᠯᠬᠦ᠂ ᠤᠭᠰᠠᠷᠠᠬᠤ᠂ ᠲᠤᠷᠰᠢᠨ ᠲᠣᠬᠢᠷᠠᠭᠤᠯᠬᠤ | ᠬᠦᠷᠲᠡᠯ᠎ᠡ᠂ ᠠᠵᠢᠯ ᠤᠨ ᠳᠠᠷᠠᠭᠠᠯᠠᠯ ᠨᠢᠭᠡᠪᠦᠷᠢ ᠳᠤ ᠴᠥᠮ ᠤᠷᠠᠨ ᠨᠠᠷᠢᠯᠢᠭ ᠤᠷ᠎ᠠ ᠮᠡᠷᠭᠡᠵᠢᠯ ᠪᠠ ᠭᠦᠨ ᠵᠤᠵᠠᠭᠠᠨ | ᠰᠣᠶᠣᠯ ᠤᠨ ᠠᠭᠤᠯᠬᠤᠨ ᠢ ᠢᠯᠡᠷᠡᠭᠦᠯᠪᠡ᠃ ᠬᠤᠶᠠᠷ ᠦᠢᠯᠡᠳᠪᠦᠷᠢ ᠶᠢᠨ ᠬᠠᠷᠢᠭᠤᠴᠠᠯᠭᠠᠳᠠᠨ ᠠᠴᠠ ᠲᠤᠰ ᠲᠤᠰ | ᠮᠣᠷᠢᠨ ᠬᠤᠭᠤᠷ ᠤᠨ ᠲᠡᠦᠬᠡ ᠶᠢᠨ ᠢᠷᠡᠯᠲᠡ᠂ ᠦᠢᠯᠡᠳᠬᠦ ᠤᠷ᠎ᠠ ᠮᠡᠷᠭᠡᠵᠢᠯ ᠵᠢᠴᠢ ᠤᠯᠠᠮᠵᠢᠯᠠᠨ ᠵᠠᠯᠭᠠᠮᠵᠢᠯᠠᠵᠤ | ᠬᠥᠭᠵᠢᠭᠦᠯᠦᠭᠰᠡᠨ ᠪᠠᠶᠢᠳᠠᠯ ᠢ ᠨᠠᠷᠢᠨ ᠲᠠᠨᠢᠯᠴᠠᠭᠤᠯᠤᠬᠰᠠᠨ ᠪᠦᠭᠡᠳ ᠮᠣᠩᠭᠤᠯ ᠭᠡᠷ ᠪᠤᠰᠬᠠᠬᠤ ᠤᠷ᠎ᠠ ᠮᠡᠷᠭᠡᠵᠢᠯ᠂ | ᠪᠦᠲᠦᠴᠡ ᠶᠢᠨ ᠣᠨᠴᠠᠯᠢᠭ ᠵᠢᠴᠢ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠵᠤ ᠥᠭᠪᠡ᠃ | ᠲᠣᠰ ᠤᠳᠠᠭᠠᠨ ᠤ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ | ᠠᠵᠢᠯᠯᠠᠭ᠎ᠠ ᠶᠢ ᠵᠢᠩᠬᠢᠨᠢ ᠪᠠᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠣᠯᠠᠨ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠳᠣᠤᠷ᠎ᠠ᠂ ᠤᠯᠠᠭᠠᠨᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ | ᠵᠢᠭᠤᠯᠴᠢᠯᠠᠯ ᠨᠢ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠬᠢᠯᠠᠰ ᠴᠡᠭ ᠪᠣᠯᠬᠤ ᠶᠢ ᠠᠬᠢᠭᠤᠯᠵᠠᠢ᠃ ︵ | ᠵᠠᠩ ᠳ᠋ᠠ ᠢᠤᠢ︶ | | | | |