| ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠢᠯᠡᠯᠳᠡ ᠭᠤᠤᠯ ᠪᠠᠭ᠎ᠠ ᠰᠤᠷᠭᠠᠭᠤᠯᠢ | ᠨᠢᠬᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠢᠳᠡᠪᠬᠢᠳᠡᠢ ᠬᠡᠷᠡᠭᠯᠡᠵᠦ᠂ ᠤᠯᠠᠨ ᠡᠰᠢᠵᠢᠭᠰᠡᠨ ᠵᠢᠭᠠᠨ | ᠰᠤᠷᠭᠠᠯᠳᠠ ᠶᠢᠨ ᠦᠢᠯᠡᠳᠦᠯᠬᠡ ᠪᠠᠷ ᠲᠠᠮᠵᠢᠭᠤᠯᠤᠨ ᠰᠠᠶᠢᠨ ᠦᠷ᠎ᠡ ᠪᠦᠳᠦᠬᠡᠯ ᠭᠠᠷᠭᠠᠵᠦ ᠪᠤᠢ᠃ | ᠢᠯᠠᠯᠳᠠ ᠭᠤᠤᠯ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠨᠢᠬᠡᠳᠦᠭᠡᠷ ᠠᠩᠬᠢ ᠶᠢᠨ ᠶᠤᠰᠤ ᠮᠤᠷᠠᠯ | ᠪᠤᠯᠤᠨ ᠬᠠᠤᠯᠢ ᠴᠠᠭᠠᠵᠠ ᠶᠢᠨ ᠬᠢᠴᠢᠶᠡᠯ ᠲᠡᠭᠡᠷ᠎ᠡ᠂ ᠸᠠᠩ ᠳ᠋ᠠᠨ ᠳ᠋ᠠᠨ ᠪᠠᠭᠰᠢ ᠵᠢᠭᠠᠬᠤ ᠮᠠᠲ᠋ᠧᠷᠢᠶᠠᠯ ᠤᠨ | ᠠᠭᠤᠯᠭ᠎ᠠ ᠲᠠᠢ ᠤᠶᠠᠯᠳᠤᠭᠤᠯᠤᠨ ︽ᠠᠮᠢᠳᠦᠷᠠᠯ ᠲᠦᠷᠢᠮ ᠲᠤᠬᠳᠠᠭᠠᠯ ᠠᠴᠠ ᠰᠠᠯᠵᠦ ᠴᠢᠳᠠᠬᠤ ᠦᠬᠡᠢ︾ ᠬᠡᠬᠦ ᠪᠠᠷ | ᠭᠤᠤᠯ ᠰᠡᠳᠤᠪ ᠪᠤᠯᠭᠠᠵᠦ᠂ ᠰᠤᠷᠤᠬᠴᠢᠳ ᠢ ᠤᠳᠤᠷᠢᠳᠤᠨ ᠦᠪᠡᠷ ᠤᠨ ᠡᠳᠦᠷ ᠲᠤᠳᠤᠮ ᠤᠨ ᠠᠮᠢᠳᠦᠷᠠᠯ ᠲᠤᠮᠳᠠ | ᠲᠦᠷᠢᠮ ᠲᠤᠬᠳᠠᠭᠠᠯ ᠢ ᠰᠠᠬᠢᠬᠰᠠᠨ ᠠᠴᠠ ᠠᠰᠢᠭ ᠬᠦᠷᠳᠡᠭᠰᠡᠨ᠂ ᠲᠦᠷᠢᠮ ᠲᠤᠬᠳᠠᠭᠠᠯ ᠠᠴᠠ ᠵᠦᠷᠢᠴᠡᠭᠰᠡᠨ ᠠᠴᠠ | ᠬᠤᠤᠷ ᠠᠮᠰᠠᠬᠰᠠᠨ ᠵᠡᠷᠭᠡ ᠦᠨᠡᠨ ᠪᠤᠳᠠᠳᠠᠢ ᠦᠡᠭᠭᠡᠷᠡᠯᠳᠡ ᠶᠢ ᠬᠤᠪᠢᠶᠠᠯᠴᠠᠭᠤᠯᠵᠠᠢ᠃ ᠪᠠᠰᠠ ᠪᠠᠭᠰᠢ ᠰᠤᠷᠤᠬᠴᠢᠳ | ᠬᠠᠮᠳᠤᠪᠡᠷ ᠰᠤᠷᠭᠠᠭᠤᠯᠢ ᠶᠢᠨ ᠬᠦᠷᠢᠶ᠎ᠡ᠂ ᠬᠡᠷ ᠪᠦᠯᠢ᠂ ᠨᠡᠶᠢᠳᠡ ᠶᠢᠨ ᠲᠠᠯᠠᠪᠦᠷ ᠵᠡᠷᠭᠡ ᠭᠠᠵᠠᠷ ᠢᠶᠠᠷ ᠲᠦᠷᠢᠮ | ᠲᠤᠬᠳᠠᠭᠠᠯ ᠨᠢ ᠬᠡᠷᠬᠢᠨ ᠡᠮᠬᠢ ᠲᠢᠭᠯᠢᠮ ᠢ ᠪᠠᠳᠦᠯᠠᠬᠤ᠂ ᠡᠶ᠎ᠡ ᠨᠠᠶᠢᠷᠠᠮᠳᠠᠯ ᠢ ᠠᠬᠢᠭᠤᠯᠬᠤ ᠵᠡᠷᠭᠡ ᠶᠢ ᠰᠤᠳᠤᠯᠤᠨ | ᠶᠠᠷᠢᠯᠴᠠᠵᠠᠢ᠃ ᠤᠯᠤᠰ ᠤᠨ ᠨᠢᠬᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲᠤᠷᠢᠶᠠᠯ ᠢ ᠰᠤᠷᠤᠯᠴᠠᠬᠤ ᠪᠠᠷ | ᠲᠠᠮᠵᠢᠭᠤᠯᠤᠨ ᠰᠤᠷᠤᠬᠴᠢᠳ ᠲᠤ ᠲᠦᠷᠢᠮ ᠲᠤᠬᠳᠠᠭᠠᠯ ᠢ ᠰᠠᠬᠢᠬᠤ ᠨᠢ ᠡᠮᠬᠢ ᠵᠢᠷᠦᠮ ᠲᠠᠢ᠂ ᠡᠶ᠎ᠡ ᠵᠤᠬᠢᠴᠠᠯ ᠲᠠᠢ᠂ | ᠰᠠᠶᠢᠨ ᠰᠠᠶᠢᠬᠠᠨ ᠨᠡᠶᠢᠬᠡᠮ ᠤᠨ ᠤᠷᠴᠢᠨ ᠲᠤᠭᠤᠷᠢᠨ ᠢ ᠪᠦᠷᠢᠯᠳᠦᠬᠦᠯᠵᠦ᠂ ᠲᠦᠷᠢᠮ ᠲᠤᠬᠳᠠᠭᠠᠯ ᠢ ᠰᠠᠬᠢᠬᠰᠠᠨ᠂ | ᠬᠠᠷᠢᠭᠤᠴᠠᠯᠭ᠎ᠠ ᠡᠬᠦᠷᠭᠡᠯᠡᠵᠦ ᠲᠡᠶᠢᠯᠬᠦ ᠴᠠᠭ ᠦᠶ᠎ᠡ ᠶᠢᠨ ᠰᠢᠨ᠎ᠠ ᠬᠦᠮᠦᠨ ᠪᠤᠯᠵᠦ ᠬᠦᠮᠦᠵᠢᠭᠳᠡᠬᠦ ᠶᠢ ᠠᠬᠢᠭᠤᠯᠵᠠᠢ᠃ | ᠸᠠᠩ ᠳ᠋ᠠᠨ ᠳ᠋ᠠᠨ ᠪᠠᠭᠰᠢ᠄ ︽ᠰᠢᠨ᠎ᠠ ᠪᠠᠷ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠤᠨ ᠠᠭᠤᠯᠭ᠎ᠠ ᠨᠢ | ᠠᠮᠢᠳᠦᠷᠠᠯ ᠲᠠᠢ ᠤᠶᠢᠷᠠᠳᠤᠵᠦ᠂ ᠪᠢᠳᠡᠨ ᠤ ᠵᠢᠭᠠᠨ ᠰᠤᠷᠭᠠᠯᠳᠠ ᠳᠤ ᠦᠷᠬᠡᠨ ᠲᠡᠯᠬᠡᠷ ᠤᠷᠤᠨ ᠵᠠᠢ ᠬᠠᠨᠭ᠍ᠭᠠᠵᠠᠢ᠃ | ᠪᠢᠳᠡ ᠨᠡᠶᠢᠳᠡᠯᠢᠭ ᠵᠢᠱᠢᠶ᠎ᠡ ᠵᠠᠳᠠᠯᠬᠤ᠂ ᠲᠦᠷᠢ ᠲᠤᠬᠯᠠᠬᠤ ᠵᠡᠷᠭᠡ ᠤᠯᠠᠨ ᠵᠦᠢᠯ ᠤᠨ ᠵᠢᠭᠠᠨ ᠰᠤᠷᠭᠠᠯᠳᠠ ᠶᠢᠨ | ᠠᠷᠭ᠎ᠠ ᠪᠠᠷ ᠰᠤᠷᠤᠬᠴᠢᠳ ᠢ ᠬᠢᠴᠢᠶᠡᠯ ᠤᠨ ᠲᠢᠩᠬᠢᠮ ᠤᠨ ᠭᠤᠤᠯ ᠡᠵᠡᠨ ᠪᠤᠯᠭᠠᠵᠦ᠂ ᠵᠢᠭᠠᠬᠤ ᠮᠠᠲ᠋ᠧᠷᠢᠶᠠᠯ ᠤᠨ | ᠮᠡᠳᠡᠯᠬᠡ ᠶᠢ ᠰᠤᠷᠤᠬᠴᠢᠳ ᠤᠨ ᠦᠪᠡᠷ ᠤᠨ ᠪᠡᠶ᠎ᠡ ᠶᠢᠨ ᠬᠡᠪ ᠪᠤᠯᠪᠠᠰᠦᠷᠠᠯ ᠪᠤᠯᠭ᠎ᠠ ᠬᠤᠪᠢᠷᠠᠭᠤᠯᠵᠠᠢ︾ ᠬᠡᠵᠦ ᠶᠠᠷᠢᠵᠦ | ᠪᠠᠶᠢᠯ᠎ᠠ᠃ | ᠰᠢᠨ᠎ᠠ ᠪᠠᠷ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠨᠢ ᠰᠤᠷᠤᠬᠴᠢᠳ ᠲᠤ ᠵᠦᠪ ᠤᠨᠤᠪᠴᠢᠳᠠᠢ | ᠦᠷᠳᠡᠭ ᠤᠨ ᠦᠵᠡᠯᠳᠡ ᠪᠠ ᠶᠤᠰᠤ ᠰᠤᠷᠳᠠᠬᠤᠨ ᠤ ᠦᠵᠡᠯᠳᠡ ᠶᠢ ᠱᠤᠭᠤᠬᠤ ᠴᠢᠬᠤᠯᠠ ᠠᠴᠢᠶᠠᠯᠠᠬᠴᠢ ᠪᠤᠯᠵᠦ᠂ | ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠬᠤ ᠳᠤ ᠪᠠᠳᠦ ᠴᠢᠩᠭ᠎ᠠ ᠬᠦᠬᠦᠷᠭᠡ ᠪᠤᠯᠵᠤ ᠪᠤᠢ᠃ | ᠢᠯᠡᠯᠳᠡ ᠭᠤᠤᠯ ᠪᠠᠭ᠎ᠠ ᠰᠤᠷᠭᠠᠭᠤᠯᠢ ᠶᠢᠨ ᠵᠠᠬᠢᠷᠦᠯ ᠭᠥᠸᠧ ᠮᠧᠩ᠄ ︽ᠰᠢᠨ᠎ᠠ ᠪᠠᠷ ᠨᠠᠶᠢᠷᠠᠭᠤᠯᠤᠬᠰᠠᠨ | ᠵᠢᠭᠠᠬᠤ ᠮᠠᠲ᠋ᠧᠷᠢᠶᠠᠯ ᠨᠢ ᠴᠠᠭ ᠦᠶ᠎ᠡ ᠶᠢᠨ ᠰᠢᠨ᠎ᠠ ᠬᠦᠮᠦᠨ ᠢ ᠬᠦᠮᠦᠵᠢᠬᠦᠯᠬᠦ ᠳᠤ ᠤᠷᠤᠯᠠᠭᠤᠯᠵᠦ ᠪᠤᠯᠤᠰᠢ ᠦᠬᠡᠢ | ᠴᠢᠬᠤᠯᠠ ᠦᠢᠯᠡᠳᠦᠯ ᠲᠠᠢ ᠶᠤᠮ᠃ ᠪᠢᠳᠠ ᠰᠢᠨ᠎ᠠ ᠵᠢᠭᠠᠨ ᠰᠤᠷᠭᠠᠯᠳᠠ ᠶᠢᠨ ᠠᠷᠭ᠎ᠠ ᠶᠢ ᠲᠠᠰᠦᠷᠠᠯᠳᠠ ᠦᠬᠡᠢ | ᠡᠷᠢᠯᠬᠢᠯᠡᠵᠦ᠂ ᠨᠢᠬᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠤᠨ ᠬᠦᠮᠦᠨ ᠢ ᠬᠦᠮᠦᠵᠢᠬᠦᠯᠬᠦ ᠴᠢᠳᠠᠪᠬᠢ ᠶᠢ | ᠪᠦᠷᠢᠮᠦᠰᠦᠨ ᠪᠠᠳᠠᠷᠠᠭᠤᠯᠵᠦ᠂ ᠪᠦᠬᠦ ᠲᠠᠯ᠎ᠠ ᠪᠠᠷ ᠬᠦᠭᠵᠢᠭᠰᠡᠨ ᠨᠡᠶᠢᠭᠡᠮ ᠵᠢᠷᠦᠮ ᠤᠨ ᠪᠦᠳᠦᠬᠡᠨ ᠪᠠᠶᠢᠭᠤᠯᠤᠬᠴᠢ ᠪᠠ | ᠵᠠᠯᠭᠠᠮᠵᠢᠯᠠᠬᠴᠢ ᠬᠦᠮᠦᠵᠢᠬᠦᠯᠬᠦ ᠳᠤ ᠵᠢᠳᠬᠦᠯ ᠦᠵᠡᠬᠦᠯᠬᠦ ᠪᠤᠯᠤᠨ᠎ᠠ︾ ᠬᠡᠵᠦ ᠶᠠᠷᠢᠵᠦ ᠪᠠᠶᠢᠯ᠎ᠠ᠃ ᠬᠤᠸᠠᠩ ᠶᠠᠨ | ᠰᠦᠩ ᠯᠢ ᠰᠢᠨ ᠮᠡᠳᠡᠬᠡᠯᠡᠪᠡ | | | | |