ᠳᠦᠷᠪᠡᠨ ᠤᠲᠠᠰᠤᠲᠤ ᠬᠤᠭᠤᠷ ᠤᠨ ᠬᠥᠭᠵᠢᠮ ᠢᠶᠠᠷ ᠠᠷᠠᠳ ᠣᠯᠠᠨ ᠢᠶᠠᠨ ᠪᠠᠶᠠᠰᠬᠠᠨ᠎ᠠ
ᠨᠡᠶᠢᠲᠡᠯᠡᠭᠰᠡᠨ ᠴᠠᠭ᠄
2025/3/3
        ᠠᠭᠤᠯᠠ ︵ᠤᠤᠯ ᠨᠡᠷ᠎ᠡ ᠨᠢ ᠵᠤᠤ ᠴᠠᠩ ᠯᠢᠩ︶᠂ ᠮᠤᠩᠭᠤᠯ ᠦᠨᠳᠦᠰᠦᠳᠡᠨ᠂ ᠤᠯᠤᠰ ᠤᠨ ᠨᠢᠭᠡᠳᠦᠭᠡᠷ ᠳᠡᠰ ᠤᠨ ᠲᠦᠷᠪᠡᠨ ᠤᠲᠠᠰᠤᠲᠤ ᠬᠤᠭᠤᠷ ᠲᠣᠭᠯᠠᠭᠴᠢ᠂ ᠠᠶ᠎ᠠ ᠵᠣᠬᠢᠶᠠᠭᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠲᠦᠷᠪᠡᠨ ᠨᠢᠭᠡ ᠪᠦᠯᠦᠭ︾ ᠤᠨ ᠴᠢᠳᠠᠪᠤᠷᠢᠳᠠᠨ ᠤ ᠲᠦᠷᠦᠬᠦᠦ ᠪᠦᠯᠦᠭ ᠤᠨ ᠳᠠᠭᠠᠭᠤᠯᠤᠭᠴᠢ ᠴᠢᠳᠠᠪᠤᠷᠢᠳᠠᠨ᠂ ︽ᠳᠤᠮᠳᠠᠳᠤ ᠤᠯᠤᠰ ᠤᠨ ᠤᠳᠤ ᠦᠶ᠎ᠡ ᠶᠢᠨ ᠳᠦᠷᠪᠡᠨ ᠤᠲᠠᠰᠤᠲᠤ ᠬᠤᠭᠤᠷ ᠤᠨ ᠬᠤᠰᠢᠭᠤᠴᠢ ᠴᠢᠳᠠᠪᠤᠷᠢᠳᠠᠨ︾᠂ ᠳᠤᠮᠳᠠᠳᠤ ᠤᠯᠤᠰ ᠤᠨ ᠬᠥᠭᠵᠢᠮᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠳᠥᠷᠪᠡᠨ ᠤᠲᠠᠰᠤᠲᠤ ᠬᠤᠭᠤᠷᠴᠢᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠥᠷᠪᠡᠨ ᠬᠤᠭᠤᠷ ᠤᠨ ᠤᠷᠠᠯᠢᠭ ᠤᠨ ᠤᠯᠠᠮᠵᠢᠯᠠᠭᠴᠢ᠂ ᠬᠢᠩᠭᠠᠨ ᠠᠶᠢᠮᠠᠭ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠥᠷᠪᠡᠨ ᠤᠲᠠᠰᠤᠲᠤ ᠬᠤᠭᠤᠷ ᠤᠨ ᠣᠨᠴᠠ ᠤᠷᠢᠭᠰᠠᠨ ᠫᠷᠤᠹᠧᠰᠰᠤᠷ᠃ ᠲᠡᠷᠡ ᠪᠣᠯ ᠨᠢᠭᠡᠨ ᠰᠣᠳᠣᠨ ᠤᠷᠠᠯᠢᠭᠴᠢᠨ ᠪᠣᠯᠬᠤ ᠪᠠᠷ ᠪᠠᠷᠠᠬᠤ ᠦᠭᠡᠶ᠂ ᠨᠡᠩ ᠴᠤ ᠨᠢᠭᠡᠨ ᠪᠣᠳᠠᠲᠤ ᠠᠵᠢᠯᠯᠠᠭ᠎ᠠ ᠪᠠᠷ ᠢᠶᠠᠨ ᠯᠧᠶ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠵᠢᠱᠢᠶᠡᠴᠢ ᠮᠦᠨ᠃ ᠤᠯᠠᠨ ᠵᠢᠯ ᠤᠨ ᠲᠤᠷᠰᠢ᠂ ᠠᠭᠤᠯᠠ ᠨᠥᠬᠦᠷ ︽ᠬᠠᠷᠠᠮ ᠦᠭᠡᠢ ᠵᠣᠷᠢᠭᠤᠯᠬᠤ᠂ ᠨᠥᠬᠦᠷᠯᠡᠨ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠵᠦ᠂ ᠤᠷᠠᠯᠢᠭ ᠤᠨ ᠬᠦᠴᠦᠨ ᠢᠶᠠᠷ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠭᠤᠶᠠᠴᠢ ᠦᠭᠡᠢ ᠬᠤᠪᠢ ᠨᠡᠮᠡᠷᠢ ᠪᠠᠷ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠠᠢ᠃        ᠦᠨᠳᠦᠰᠦᠨ ᠱᠠᠲᠤᠨ ᠳᠤ ᠦᠨᠳᠦᠰᠦᠯᠡᠵᠦ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ᠎ᠠ        ᠠᠭᠤᠯᠠ ᠨᠥᠬᠦᠷ ᠵᠢᠯ ᠲᠤᠷᠰᠢ ᠦᠨᠳᠦᠰᠦᠨ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠮᠦᠨ᠎ᠡ ᠹᠷᠣᠨᠲ ᠢᠶᠠᠷ ᠭᠦᠨᠵᠡᠭᠡᠶᠢᠷᠡᠵᠦ᠂ ᠳᠦᠷᠪᠡᠨ ᠤᠲᠠᠰᠤᠲᠤ ᠬᠤᠭᠤᠷ ᠤᠨ ᠤᠷᠠᠯᠢᠭ ᠢ ᠤᠯᠠᠮᠵᠢᠯᠠᠨ ᠳᠡᠯᠭᠡᠷᠡᠭᠦᠯᠬᠦ ᠠᠵᠢᠯ ᠳᠤ ᠢᠳᠡᠪᠬᠢᠲᠡᠢ ᠣᠷᠣᠯᠴᠠᠪᠠ᠃ ᠲᠡᠷᠡ ᠣᠯᠠᠨ ᠤᠳᠠᠭ᠎ᠠ ᠬᠢᠩᠭᠠᠨ ᠠᠶᠢᠮᠠᠭ ᠤᠨ ᠳᠥᠷᠪᠡᠨ ᠤᠲᠠᠰᠤᠲᠤ ᠤᠷᠠᠯᠢᠭᠴᠢᠳ ᠤᠨ ᠨᠡᠶᠢᠭᠡᠮᠯᠢᠭ᠂ ᠤᠯᠠᠭᠠᠨᠬᠤᠲᠠ ᠶᠢᠨ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ᠂ ᠵᠠᠯᠠᠶᠢᠳ ᠬᠤᠰᠢᠭᠤᠨ ᠤ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠢᠩᠭ᠎ᠠ ᠭᠠᠷᠤᠶ ᠳᠥᠷᠪᠡᠨ ᠤᠲᠠᠰᠤᠲᠤ ᠬᠤᠭᠤᠷ ᠤᠨ ᠭᠡᠰᠢᠭᠦᠳ ᠲᠤ ᠠᠯᠪᠠᠨ ᠵᠢᠷᠤᠮ ᠤᠨ ᠪᠣᠯᠪᠠᠰᠤᠷᠠᠯ ᠬᠦᠷᠲᠡᠭᠡᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠳᠤ ᠭᠠᠷᠮᠠᠭᠠᠶ ᠬᠤᠪᠢ ᠨᠡᠮᠡᠷᠢ ᠦᠵᠡᠭᠦᠯᠪᠡ᠃ 
1.jpg2.jpg
        ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠎ᠡ        2022 ᠣᠨ ᠳᠤ᠂ ᠠᠭᠤᠯᠠ ᠨᠥᠬᠦᠷ ︽ᠮᠠᠨ ᠤ ᠰᠠᠶᠢᠨ ᠰᠠᠶᠢᠬᠠᠨ ᠠᠮᠢᠳᠤᠷᠠᠯ︾ ᠤᠨ ᠰᠣᠶᠣᠯ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠰᠠᠨ ᠪᠥᠭᠡᠳ ᠬᠢᠩᠭᠠᠨ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠷᠢᠯᠭ᠎ᠠ ᠪᠠᠷ ᠭᠡᠭᠡᠨᠰᠦ᠋ᠮ᠎ᠡ ᠪᠠᠯᠭᠠᠰᠤᠨ ᠤ ᠬᠥᠭᠵᠢᠯ ᠭᠠᠴᠠᠭᠠᠨ ᠤ ︽ᠰᠣᠶᠣᠯ ᠤᠨ ᠭᠠᠴᠠᠭ᠎ᠠ ᠲᠣᠰᠬᠤᠨ ᠤ ᠳᠠᠷᠤᠭ᠎ᠠ︾ ᠪᠣᠯᠪᠠ᠃ ᠲᠡᠷᠡ ᠪᠦᠬᠦ ᠪᠠᠯᠭᠠᠰᠤᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠳᠦᠷᠪᠡᠨ ᠤᠲᠠᠰᠤᠲᠤ ᠬᠤᠭᠤᠷ᠂ ᠬᠤᠯᠪᠣᠭ᠎ᠠ᠂ ᠠᠷᠠᠳ ᠤᠨ ᠳᠠᠭᠤᠤ ᠵᠡᠷᠭᠡ ᠤᠯᠠᠮᠵᠢᠯᠠᠯᠲᠤ ᠰᠣᠶᠣᠯ ᠤᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠰᠢᠨ᠎ᠡ ᠠᠮᠢᠳᠤᠷᠠᠯ ᠢ ᠵᠢᠷᠤᠭᠯᠠᠪᠠ᠃ ᠲᠡᠷᠡ ᠲᠣᠰᠬᠤᠨ ᠤ ᠳᠠᠭᠤᠤ ︽ᠦᠵᠡᠰᠬᠦᠯᠡᠩᠲᠦ ᠰᠠᠶᠢᠬᠠᠨ ᠭᠠᠴᠠᠭ᠎ᠠ ᠲᠣᠰᠬᠤᠨ︾ ᠵᠢᠴᠢ ᠤᠮᠠᠷᠠᠲᠤ ᠬᠢᠯᠢ ᠶᠢᠨ ᠰᠣᠶᠣᠯ ᠤᠨ ᠳᠠᠭᠤᠤ ︽ᠡᠬᠡ ᠤᠯᠤᠰ ᠤᠨ ᠤᠮᠠᠷᠠᠲᠤ ᠬᠢᠯᠢ ᠳᠤ ᠢᠷᠡᠭᠡᠷᠡᠶ︾ ᠭᠡᠬᠦ ᠳᠠᠭᠤᠤ ᠶᠢ ᠵᠣᠬᠢᠶᠠᠨ ᠪᠦᠲᠦᠭᠡᠵᠦ᠂ ᠬᠤᠪᠢᠰᠬᠠᠯᠲᠤ ᠰᠣᠶᠣᠯ ᠪᠠ ᠠᠷᠠᠳ ᠤᠨ ᠵᠠᠩ ᠦᠢᠯᠡ ᠶᠢᠨ ᠰᠣᠶᠣᠯ ᠢ ᠤᠶᠠᠯᠳᠤᠭᠤᠯᠵᠤ᠂ ᠤᠷᠠᠯᠢᠭ ᠤᠨ ᠬᠡᠯᠪᠡᠷᠢ ᠪᠠᠷ ᠬᠥᠳᠡᠭᠡ ᠲᠣᠰᠬᠤᠨ ᠤ ᠦᠯᠢᠭᠡᠷ ᠢ ᠤᠯᠠᠮᠵᠢᠯᠠᠨ ᠳᠠᠭᠤᠯᠠᠵᠤ᠂ ᠤᠯᠠᠨ ᠲᠦᠮᠡᠨ ᠤ ᠰᠣᠶᠣᠯ ᠤᠨ ᠢᠲᠡᠭᠡᠯ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠬᠥᠭᠵᠢᠭᠡᠪᠡ᠃ ᠤᠳᠠᠭ᠎ᠠ ᠪᠦᠷᠢ ᠶᠢᠨ ᠠᠵᠢᠯᠯᠠᠭ᠎ᠠ ᠶᠢᠨ ᠳᠤᠮᠳᠠ᠂ ᠠᠭᠤᠯᠠ ᠨᠥᠬᠦᠷ ᠦᠷᠭᠦᠯᠵᠢ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠪᠡᠶ᠎ᠡ ᠪᠠᠷ ᠢᠶᠠᠨ ᠲᠠᠶᠢᠰᠠᠨ ᠳᠤ ᠭᠠᠷᠴᠤ ᠵᠢᠱᠢᠶ᠎ᠡ ᠦᠵᠡᠭᠦᠯᠦᠨ ᠲᠣᠭᠯᠠᠵᠤ᠂ ᠭᠤᠶᠢᠳᠠ ᠰᠠᠶᠢᠬᠠᠨ ᠤᠷ᠎ᠠ ᠮᠡᠷᠭᠡᠵᠢᠯ ᠪᠣᠯᠤᠨ ᠲᠣᠭᠯᠠᠯᠲᠠ ᠪᠠᠷ ᠢᠶᠠᠨ ᠦᠵᠡᠭᠴᠢᠳ ᠨᠢᠭᠡᠪᠦᠷᠢ ᠶᠢ ᠨᠥᠯᠥᠭᠡᠯᠡᠳᠡᠭ᠃ ᠲᠡᠷᠡ ᠰᠤᠷᠤᠭᠴᠢᠳ ᠢ ᠬᠦᠯᠢᠴᠡᠩᠭᠦᠢ ᠪᠠᠷ ᠨᠠᠷᠢᠨ ᠨᠢᠮᠪᠠᠢ ᠵᠢᠯᠣᠭᠤᠳᠴᠤ᠂ ᠰᠠᠭᠤᠷᠢ ᠮᠡᠷᠭᠡᠵᠢᠯ ᠠᠴᠠ ᠬᠠᠶᠢᠷ᠎ᠠ ᠰᠡᠳᠬᠢᠯᠭᠡ ᠪᠠᠨ ᠠᠭᠤᠰᠬᠠᠬᠤ ᠬᠦᠷᠲᠡᠯ᠎ᠡ ᠥᠪᠡᠷ ᠤᠨ ᠲᠤᠷᠰᠢᠯᠭ᠎ᠠ ᠪᠠ ᠣᠯᠤᠯᠲᠠ ᠪᠠᠨ ᠬᠠᠷᠠᠮ ᠦᠭᠡᠢ ᠤᠯᠠᠮᠵᠢᠯᠠᠳᠠᠭ᠃ ᠠᠩᠬ᠎ᠠ ᠰᠤᠷᠤᠭᠰᠡᠳ ᠴᠦ ᠪᠣᠯᠤᠭ ᠨᠡᠷ᠎ᠡ ᠬᠥᠨᠳᠦᠳᠦ ᠳᠤᠷ᠎ᠠ ᠪᠠᠭ᠋ᠠᠲᠠᠳ ᠴᠦ ᠪᠣᠯᠤᠭ ᠲᠡᠷᠡ ᠶᠡᠷᠦ ᠨᠢ ᠲᠦᠢᠯ ᠤᠨ ᠶᠡᠭᠡ ᠬᠠᠯᠠᠭᠤᠨ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠤᠯᠠᠨ ᠢ ᠬᠠᠪᠰᠤᠷᠤᠨ ᠤᠷ᠎ᠠ ᠮᠡᠷᠭᠡᠰᠢᠯ᠂ ᠰᠣᠶᠣᠯ ᠤᠨ ᠠᠭᠤᠯᠤᠭᠳᠠᠬᠤᠨ ᠢ ᠣᠶᠢᠯᠠᠭᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃
3.png4.jpg
        ᠤᠷᠠᠯᠢᠭ ᠤᠨ ᠬᠦᠴᠦᠨ ᠢᠶᠠᠨ ᠭᠤᠶᠠᠴᠢ ᠦᠭᠡᠢ ᠬᠠᠨᠳᠢᠪᠯᠠᠵᠤ ᠥᠷᠭᠡᠨ ᠣᠯᠠᠨ ᠲᠦᠮᠡᠨ ᠳᠤ ᠦᠢᠯᠡᠴᠢᠯᠡᠨ᠎ᠡ        ᠠᠭᠤᠯᠠ ᠨᠥᠬᠦᠷ ᠢᠮᠠᠭᠲᠠ ᠤᠯᠠᠨ ᠲᠦᠮᠡᠨ ᠳᠤ ᠦᠢᠯᠡᠴᠢᠯᠡᠬᠦ ᠶᠢ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠣᠯᠭᠠᠭᠰᠠᠭᠠᠷ ᠢᠷᠡᠵᠠᠢ᠃ ᠲᠡᠷᠡ ᠬᠥᠳᠡᠭᠡ ᠲᠣᠰᠬᠤᠨ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ ᠭᠠᠵᠠᠷ ᠲᠤ ᠣᠯᠠᠨ ᠤᠳᠠᠭ᠎ᠠ ᠨᠡᠶᠢᠲᠡ ᠶᠢᠨ ᠠᠰᠠᠷᠠᠮᠵᠢ ᠶᠢᠨ ᠲᠣᠭᠯᠠᠯᠲᠠ ᠭᠠᠷᠭᠠᠵᠤ᠂ ᠳᠥᠷᠪᠡᠨ ᠤᠲᠠᠰᠤᠲᠤ ᠬᠤᠭᠤᠷ ᠢᠶᠠᠷ ᠭᠤᠶᠢᠳᠠ ᠰᠠᠶᠢᠬᠠᠨ ᠬᠥᠭ ᠠᠶᠠᠰ ᠢ ᠬᠥᠭᠵᠢᠮᠳᠡᠵᠦ᠂ ᠦᠵᠡᠭᠴᠢᠳ ᠲᠤ ᠤᠷᠠᠯᠢᠭ ᠤᠨ ᠬᠦᠷᠲᠡᠭᠡᠯ ᠪᠠ ᠣᠶᠤᠨ ᠰᠠᠨᠠᠭᠠᠨ ᠤ ᠲᠠᠶᠢᠳᠬᠤᠷᠠᠭᠤᠯᠤᠯ ᠣᠯᠭᠤᠵᠠᠢ᠃ ᠲᠡᠭᠦᠨ ᠤ ᠲᠣᠭᠯᠠᠯᠲᠠ ᠨᠢ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠢᠳᠡᠪᠬᠢᠲᠡᠢ ᠪᠠᠷ ᠥᠭᠡᠳᠡᠯᠡᠨ ᠲᠠᠪᠰᠢᠬᠤ ᠢᠳᠡᠪᠬᠢ ᠬᠦᠴᠦᠨ ᠢ ᠳᠠᠮᠵᠢᠭᠤᠯᠵᠠᠢ᠃ ᠲᠡᠷᠡ ᠥᠪᠡᠷ ᠤᠨ ᠤᠷᠠᠯᠢᠭ ᠤᠨ ᠬᠦᠴᠦᠨ ᠢᠶᠠᠷ ᠨᠡᠶᠢᠭᠡᠮ ᠳᠤ ᠬᠦᠴᠦᠨ ᠴᠢᠳᠠᠯ ᠢᠶᠠᠨ ᠡᠷᠭᠦᠵᠦ᠂ ᠤᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃
5.jpg6.png
        ᠰᠢᠨ᠎ᠡ ᠶᠢ ᠡᠭᠦᠳᠴᠦ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠳᠠᠪᠦᠷᠢᠲᠠᠨ ᠢ ᠬᠥᠮᠦᠵᠢᠭᠦᠯᠦᠨ᠎ᠡ        ᠠᠭᠤᠯᠠ ᠨᠥᠬᠦᠷ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠵᠡᠷᠭᠡ ᠪᠠᠷ ᠴᠢᠬᠤᠯᠠᠴᠢᠯᠠᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠷ᠎ᠠ ᠮᠡᠷᠭᠡᠵᠢᠯ ᠢ ᠤᠯᠠᠮᠵᠢᠯᠠᠬᠤ ᠶᠢᠨ ᠬᠠᠮᠲᠤ᠂ ᠰᠤᠷᠤᠭᠴᠢᠳ ᠤᠨ ᠰᠣᠶᠣᠯ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠬᠥᠮᠦᠵᠢᠭᠦᠯᠬᠦ ᠶᠢ ᠨᠡᠩ ᠴᠢᠬᠤᠯᠠᠴᠢᠯᠠᠳᠠᠭ᠃ ᠲᠡᠷᠡ ᠰᠤᠷᠤᠭᠴᠢᠳ ᠢ ᠳᠠᠭᠤᠤ ᠬᠥᠭᠵᠢᠮ ᠢᠶᠠᠷ ᠨᠤᠲᠤᠭ ᠤᠰᠤᠨ ᠤ ᠦᠯᠢᠭᠡᠷ ᠢ ᠶᠠᠷᠢᠵᠤ᠂ ᠢᠳᠡᠪᠬᠢ ᠬᠦᠴᠦᠨ ᠢ ᠳᠠᠮᠵᠢᠭᠤᠯᠬᠤ ᠶᠢ ᠵᠣᠷᠢᠭᠵᠢᠭᠤᠯᠳᠠᠭ᠃ ᠲᠡᠭᠦᠨ ᠤ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠮᠠᠰᠢ ᠣᠯᠠᠨ ᠰᠤᠷᠤᠭᠴᠢᠳ ᠳᠥᠷᠪᠡᠨ ᠤᠲᠠᠰᠤᠲᠤ ᠬᠤᠭᠤᠷ ᠤᠨ ᠬᠥᠭᠵᠢᠮ ᠢ ᠪᠣᠯᠪᠠᠰᠤᠷᠠᠩᠭᠤᠢ ᠡᠵᠡᠮᠰᠢᠭᠰᠡᠨ ᠢᠶᠠᠷ ᠪᠠᠷᠠᠬᠤ ᠦᠭᠡᠢ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠦᠨ ᠳᠣᠲᠣᠭᠠᠳᠤ ᠠᠭᠤᠯᠬᠤᠨ ᠢ ᠨᠡᠩ ᠭᠦᠨᠵᠡᠭᠡᠢ ᠣᠢᠯᠠᠭᠠᠵᠤ᠂ ᠰᠢᠨ᠎ᠡ ᠨᠢᠭᠡ ᠦᠶ᠎ᠡ ᠶᠢᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃ ᠠᠭᠤᠯᠠ ᠨᠥᠬᠦᠷ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠮᠥᠨ ᠯᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠦᠢᠯᠡᠰ ᠲᠠᠢ ᠰᠡᠳᠬᠢᠯ ᠵᠢᠷᠦᠬᠡ ᠪᠠᠨ ᠬᠤᠯᠪᠤᠨ᠎ᠠ᠃ 2016 ᠣᠨ ᠠᠴᠠ ᠡᠬᠢᠯᠡᠨ᠂ ᠲᠡᠷᠡ ᠭᠡᠭᠡᠨᠰᠦ᠋ᠮ᠎ᠡ ᠪᠠᠭ᠎ᠠ ᠰᠤᠷᠭᠠᠭᠤᠯᠢ ᠳᠤ ᠬᠦᠷᠴᠦ ᠠᠯᠪᠠᠨ ᠵᠢᠷᠤᠮ ᠤᠨ ᠵᠢᠭᠠᠨ ᠰᠤᠷᠭᠠᠯᠲᠠ ᠥᠷᠨᠢᠭᠦᠯᠬᠦ ᠶᠢ ᠪᠠᠷᠢᠮᠲᠠᠯᠠᠵᠤ᠂ ᠢᠷᠠᠭᠤ ᠰᠠᠶᠢᠬᠠᠨ ᠳᠥᠷᠪᠡᠨ ᠤᠲᠠᠰᠤᠲᠤ ᠬᠤᠭᠤᠷ ᠤᠨ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠪᠠ᠃ ᠲᠡᠭᠦᠨ ᠤ ᠨᠠᠷᠢᠨ ᠬᠢᠨᠠᠮᠠᠭᠠᠢ ᠵᠢᠯᠤᠭᠤᠳᠤᠯᠭ᠎ᠠ ᠳᠣᠣᠷ᠎ᠠ᠂ ᠬᠡᠦᠬᠡᠳ ᠤᠳ ᠬᠥᠭᠵᠢᠮ ᠤᠨ ᠤᠷ᠎ᠠ ᠮᠡᠷᠭᠡᠵᠢᠯ ᠢ ᠰᠤᠷᠤᠭᠰᠠᠨ ᠢᠶᠠᠷ ᠪᠠᠷᠠᠬᠤ ᠦᠭᠡᠢ᠂ ᠨᠡᠩ ᠴᠤ ᠦᠯᠦ ᠮᠡᠳᠡᠭᠳᠡᠮ᠎ᠡ ᠪᠠᠶᠢᠳᠠᠯ ᠳᠣᠤᠷ᠎ᠠ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠵᠡᠢ᠃ ᠡᠨᠡ ᠬᠦ ᠪᠠᠷᠢᠮᠲᠠᠯᠠᠯ ᠪᠠ ᠬᠠᠷᠠᠮ ᠦᠭᠡᠢ ᠵᠣᠷᠢᠭᠤᠯᠤᠯ ᠨᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠳᠤ ᠬᠦᠰᠡᠯ ᠡᠷᠡᠮᠡᠯᠵᠡᠯ ᠤᠨ ᠦᠷ᠎ᠡ ᠰᠠᠴᠤᠭᠰᠠᠨ ᠢᠶᠠᠷ ᠪᠠᠷᠠᠬᠤ ᠥᠬᠡᠶ᠂ ᠨᠠᠩ ᠴᠤ ᠦᠨᠳᠦᠰᠦᠲᠡᠨ ᠤ ᠰᠣᠶᠣᠯ ᠤᠨ ᠬᠥᠭᠵᠢᠯᠲᠡ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠨᠡᠮᠡᠷᠢᠯᠡᠪᠡ᠃ 
7.jpg8.jpg
9.jpg
        ᠠᠭᠤᠯᠠ ᠨᠥᠬᠦᠷ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠤᠷᠠᠯᠢᠭᠴᠢᠳ ᠤᠨ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠪᠡ᠃ ᠲᠡᠭᠦᠨ ᠤ ᠬᠠᠷᠠᠮ ᠦᠭᠡᠢ ᠵᠣᠷᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠨᠢ ᠳᠡᠷᠭᠡᠳᠡᠬᠢ ᠬᠥᠮᠦᠰ ᠢᠶᠠᠨ ᠭᠦᠨ ᠨᠥᠯᠥᠭᠡᠯᠡᠵᠦ᠂ ᠨᠡᠩ ᠤᠯᠠᠨ ᠬᠥᠮᠦᠰ ᠤᠨ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠷ ᠲᠦᠰᠢᠭ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠶᠢ ᠭᠦᠨᠵᠡᠭᠡᠢ ᠠᠬᠢᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠪᠣᠯᠭᠠᠨ᠎ᠠ᠃
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号