ᠰᠤᠩᠭᠤᠨ ᠠᠪᠤᠭᠰᠠᠨ ᠰᠤᠷᠤᠭᠴᠢ ᠵᠠᠩ ᠳ᠋ᠢ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2025/3/3
        ᠭᠡᠭᠡᠨᠰᠦ᠋ᠮ᠎ᠡ ᠪᠠᠯᠭᠠᠰᠤᠨ ᠤ ᠨᠥᠬᠦᠷᠯᠡᠯ ᠭᠠᠴᠠᠭ᠎ᠠ ᠳᠤ᠂ ᠨᠢᠭᠡᠨ ᠵᠠᠯᠠᠭᠤ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢ ᠲᠠᠶᠢᠯᠪᠤᠷᠢᠯᠠᠨ᠎ᠠ᠃ ᠲᠡᠷᠡ ᠬᠠᠬᠢᠷ ᠬᠦᠢᠲᠡᠨ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠠᠮᠠᠷᠠᠯᠲᠠ ᠶᠢᠨ ᠬᠤᠭᠤᠴᠠᠭᠠᠨ ᠳᠤ ᠬᠥᠳᠡᠭᠡ ᠲᠣᠰᠬᠤᠨ ᠢᠶᠠᠷ ᠭᠦᠨᠵᠡᠭᠡᠶᠢᠷᠡᠵᠦ᠂ ᠮᠡᠳᠡᠯᠭᠡ ᠶᠢᠨ ᠬᠦᠴᠦᠨ ᠢᠶᠠᠷ ᠬᠦᠰᠡᠯ ᠡᠷᠡᠮᠡᠯᠵᠡᠯ ᠢᠶᠠᠨ ᠬᠡᠷᠡᠯᠳᠦᠬᠦᠯᠵᠦ᠂ ᠵᠠᠯᠠᠭᠤ ᠨᠠᠰᠤᠨ ᠤ ᠬᠥᠯᠥᠰᠥ ᠪᠠᠷ ᠢᠶᠠᠨ ᠬᠦᠰᠡᠯ ᠵᠡᠭᠦᠳᠦ ᠪᠠᠨ ᠤᠮᠳᠠᠯᠠᠨ᠎ᠠ᠂ ᠲᠡᠷᠡ ᠪᠣᠯ ᠰᠤᠩᠭᠤᠨ ᠠᠪᠤᠭᠰᠠᠨ ᠰᠤᠷᠤᠭᠴᠢ ᠵᠠᠩ ᠳ᠋ᠢ ᠪᠣᠯᠤᠨ᠎ᠠ᠃        ᠤᠭ ᠰᠠᠨᠠᠭ᠎ᠠ ᠪᠠᠨ  ᠪᠠᠲᠤ ᠪᠠᠷᠢᠮᠲᠠᠯᠠᠵᠤ ᠦᠢᠯᠡ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ᠎ᠡ        ᠰᠤᠩᠭᠤᠨ ᠠᠪᠤᠭᠰᠠᠨ ᠰᠤᠷᠤᠭᠴᠢ ᠵᠠᠩ ᠳ᠋ᠢ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠨ᠂ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠲᠠᠢ ᠪᠠᠨ ᠤᠶᠠᠯᠳᠤᠭᠤᠯᠵᠤ᠂ ᠡᠪᠦᠯ ᠵᠣᠨ ᠤ ᠠᠮᠠᠷᠠᠯᠲᠠ ᠶᠢᠨ ᠬᠤᠭᠤᠴᠠᠭ᠎ᠠ ᠶᠢ ᠭᠦᠢᠴᠡᠳ ᠠᠰᠢᠭᠯᠠᠨ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠰᠤᠷᠤᠯᠴᠠᠯᠭ᠎ᠠ ᠶᠢᠨ ᠪᠣᠯᠪᠠᠰᠤᠷᠠᠯ ᠤᠨ ᠠᠩᠭᠢ ᠶᠢ ᠰᠠᠨᠠᠭᠠᠴᠢᠯᠠᠭ᠎ᠠ ᠠᠴᠠ ᠪᠠᠨ ᠡᠷᠭᠢᠯᠡᠵᠦ᠂ ᠬᠡᠦᠬᠡᠳ ᠢ ᠡᠯᠧᠺᠲᠷᠣᠨ ᠪᠦᠲᠦᠭᠡᠭᠳᠡᠬᠦᠨ ᠠᠴᠠ ᠵᠠᠶᠢᠯᠠᠭᠤᠯᠵᠤ᠂ ᠰᠠᠶᠢᠨ ᠰᠠᠶᠢᠬᠠᠨ ᠰᠤᠷᠤᠯᠴᠠᠬᠤ ᠳᠠᠳᠬᠠᠯ ᠲᠠᠢ ᠪᠣᠯᠭᠠᠵᠠᠢ᠃ ᠬᠡᠦᠬᠡᠳ ᠲᠤ ᠨᠡᠩ ᠰᠠᠶᠢᠨ ᠰᠤᠷᠤᠯᠴᠠᠬᠤ ᠨᠥᠬᠦᠴᠡᠯ ᠬᠠᠩᠭᠠᠬᠤ ᠶᠢᠨ ᠲᠥᠯᠥᠭᠡ᠂ ᠲᠡᠷᠡ ᠥᠪᠡᠷ ᠤᠨ ᠵᠠᠷᠤᠳᠠᠯ ᠢᠶᠠᠷ ᠪᠢᠴᠢᠭ ᠤᠨ ᠬᠡᠷᠡᠭᠰᠡᠯ ᠬᠤᠳᠠᠯᠳᠤᠨ ᠠᠪᠴᠤ ᠥᠭᠴᠡᠶ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ ᠲᠡᠷᠡ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠳᠠᠯᠢ ᠪᠤᠰᠤ ᠨᠠᠰᠤᠨ ᠤ ᠰᠤᠷᠤᠭᠴᠢᠳ ᠲᠤ ᠴᠢᠭᠯᠡᠭᠦᠯᠦᠨ ᠵᠢᠭᠠᠨ ᠰᠤᠷᠭᠠᠯᠲᠠ ᠶᠢᠨ ᠲᠥᠯᠥᠪᠯᠡᠭᠡ ᠲᠣᠭᠲᠠᠭᠠᠪᠠ᠃ ᠡᠨᠡᠬᠦ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠨᠢ ᠶᠠᠭ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭᠠᠨ ᠤ ᠠᠮᠢᠳᠤᠯᠢᠭ ᠵᠢᠷᠤᠭᠯᠠᠯ ᠪᠣᠯᠤᠨ᠎ᠠ᠃
1.jpg
        ᠬᠢᠴᠢᠶᠡᠯ ᠤᠨ ᠲᠠᠩᠬᠢᠮ ᠤᠨ ᠳᠣᠲᠣᠨ᠎ᠠ ᠭᠠᠳᠠᠨ᠎ᠠ ᠬᠠᠶᠢᠷ᠎ᠠ ᠬᠠᠯᠠᠮᠵᠢ ᠪᠠᠷ ᠢᠶᠠᠨ ᠮᠡᠳᠡᠯᠭᠡ ᠰᠤᠷᠬᠤ ᠬᠠᠯᠠᠭᠤᠨ ᠰᠡᠳᠬᠢᠯᠭᠡ ᠶᠢ ᠬᠦᠭᠵᠢᠭᠡᠨ᠎ᠡ         ᠬᠢᠴᠢᠶᠡᠯ ᠤᠨ ᠲᠠᠩᠬᠢᠮ ᠳᠤ᠂ ᠵᠠᠩ ᠳ᠋ᠢ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠷ ᠰᠤᠷᠤᠭᠴᠢᠳ ᠤᠨ ᠰᠡᠵᠢᠭ ᠢ ᠲᠠᠶᠢᠯᠳᠠᠭ᠃ ᠰᠡᠳᠦᠪ ᠨᠢᠭᠡᠪᠦᠷᠢ ᠶᠢ ᠬᠦᠯᠢᠴᠡᠩᠭᠦᠢ ᠪᠠᠷ ᠨᠠᠷᠢᠨ ᠲᠠᠶᠢᠯᠪᠤᠷᠢᠯᠠᠵᠤ᠂ ᠲᠦᠬᠦᠮ ᠣᠶᠢᠯᠠᠭᠠᠮᠵᠢᠲᠠᠶ ᠦᠭᠡ ᠬᠡᠯᠡ ᠪᠠᠷ ᠮᠡᠳᠡᠯᠭᠡ ᠶᠢᠨ ᠬᠦᠴᠢᠷᠳᠡᠯ  ᠢ ᠲᠠᠶᠢᠯᠪᠤᠷᠢᠯᠠᠵᠤ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠡᠳᠬᠢᠬᠦ ᠶᠢ ᠬᠥᠲᠥᠯᠥᠨ ᠵᠢᠯᠣᠭᠤᠳᠴᠤ᠂ ᠰᠢᠨᠵᠢᠯᠡᠬᠦ ᠤᠬᠠᠭᠠᠨᠴᠢ ᠰᠤᠷᠤᠯᠴᠠᠬᠤ ᠠᠷᠭ᠎ᠠ ᠶᠢ ᠡᠵᠡᠮᠰᠢᠭᠦᠯᠪᠡ᠃ ᠬᠢᠴᠢᠶᠡᠯ ᠤᠨ ᠭᠡᠷ ᠠᠴᠠ ᠭᠠᠳᠠᠨ᠎ᠠ᠂ ᠲᠡᠷᠡ ᠪᠣᠯ ᠬᠡᠦᠬᠡᠳ ᠤᠳ ᠤᠨ ᠰᠡᠳᠬᠢᠯ ᠨᠠᠶᠢᠵᠠ ᠪᠠᠶᠢᠵᠤ᠂ ᠲᠡᠳᠡᠨ ᠤ ᠰᠡᠳᠬᠢᠯ ᠤᠨ ᠦᠭᠡ ᠶᠢ ᠰᠣᠨᠤᠰᠴᠤ᠂ ᠥᠪᠡᠷ ᠤᠨ ᠬᠦᠰᠡᠯ ᠵᠡᠭᠦᠳᠦ ᠲᠠᠢ ᠪᠠᠶᠢᠬᠤ ᠶᠢ ᠨᠢ ᠵᠣᠷᠢᠭᠵᠢᠭᠤᠯᠳᠠᠭ᠃ ᠲᠡᠭᠦᠨ ᠤ ᠨᠥᠯᠥᠭᠡᠯᠡᠯ ᠳᠣᠣᠷ᠎ᠠ᠂ ᠰᠤᠷᠤᠭᠴᠢᠳ ᠤᠨ ᠰᠤᠷᠤᠯᠴᠠᠯᠭ᠎ᠠ ᠶᠢᠨ ᠬᠠᠯᠠᠭᠤᠨ ᠰᠡᠳᠬᠢᠯᠭᠡ ᠣᠷᠭᠢᠯᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠴᠢᠩᠭ᠎ᠠ ᠨᠢᠮᠪᠠᠢ ᠪᠥᠭᠡᠳ ᠬᠦᠷ ᠬᠥᠭᠵᠢᠶᠡᠨ ᠲᠠᠢ ᠪᠠᠶᠢᠵᠤ᠂ ᠬᠦᠨ ᠵᠤᠵᠠᠭᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ᠃
2.jpg
2.1.jpg
        ᠵᠠᠯᠠᠭᠤ ᠨᠠᠰᠤᠨ ᠤ ᠬᠠᠷᠢᠭᠤᠴᠠᠯᠭ᠎ᠠ ᠪᠠᠨ ᠡᠭᠦᠷᠭᠡᠯᠡᠵᠦ ᠬᠤᠪᠢ ᠨᠡᠮᠡᠷᠢ ᠦᠵᠡᠭᠦᠯᠬᠦ ᠪᠠᠷ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ        ᠯᠧᠢ ᠹᠧᠩ ᠤᠨ ᠵᠣᠷᠢᠭ ᠰᠠᠨᠠᠭ᠎ᠠ ᠨᠢ ᠠᠯᠤᠰ ᠬᠤᠯᠠ ᠶᠢᠨ ᠪᠢᠰᠢ᠂ ᠲᠡᠷᠡ ᠡᠳᠦᠷ ᠳᠣᠳᠣᠮ ᠤᠨ ᠵᠢᠵᠢᠭ ᠰᠠᠵᠢᠭ ᠵᠢᠳᠭᠦᠯ ᠳᠤ ᠪᠠᠶᠢᠬᠤ ᠶᠢ ᠵᠠᠩ ᠳ᠋ᠢ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠵᠡᠢ᠃ ᠲᠡᠭᠦᠨ ᠤ ᠰᠠᠶᠢᠨ ᠳᠤᠷ᠎ᠠ ᠶᠢᠨ ᠠᠵᠢᠯᠯᠠᠭ᠎ᠠ ᠨᠢ ᠯᠸᠢ ᠹᠧᠩ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠠᠷᠢᠭᠤᠴᠠᠯᠭ᠎ᠠ ᠪᠣᠯᠤᠨ ᠡᠭᠦᠷᠭᠡᠯᠡᠯ ᠤᠨ ᠲᠥᠪᠯᠡᠷᠡᠩᠭᠦᠢ ᠢᠯᠡᠷᠡᠯ ᠪᠣᠯᠤᠨ᠎ᠠ᠃ ᠲᠡᠷᠡ ᠦᠨᠳᠦᠰᠦᠨ ᠱᠠᠲᠤᠨ ᠳᠤ ᠦᠨᠳᠦᠰᠦᠯᠡᠵᠦ᠂ ᠬᠥᠳᠡᠭᠡ ᠲᠣᠰᠬᠤᠨ ᠳᠤ ᠦᠢᠯᠡᠴᠢᠯᠡᠵᠦ᠂ ᠮᠡᠳᠡᠯᠭᠡ ᠶᠢᠨ ᠬᠦᠴᠦᠨ ᠢᠶᠠᠷ ᠬᠡᠦᠬᠡᠳ ᠤᠨ ᠬᠦᠰᠡᠯ ᠵᠡᠭᠦᠳᠦ ᠶᠢ ᠲᠡᠷᠭᠡᠯᠰᠢᠭᠦᠯᠵᠦ᠂ ᠵᠠᠯᠠᠭᠤ ᠨᠠᠰᠤᠨ ᠤ ᠦᠢᠯᠡ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠰᠢᠮᠡᠯᠢᠭ ᠬᠥᠷᠥᠰᠥ ᠶᠢ ᠤᠮᠳᠠᠯᠠᠪᠠ᠃ ᠲᠡᠭᠦᠨ ᠤ ᠦᠯᠢᠭᠡᠷ ᠪᠣᠯ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠤᠪᠢ ᠬᠥᠮᠦᠨ ᠤ ᠦᠷᠳᠡᠭ ᠢ ᠴᠠᠭ ᠦᠶ᠎ᠡ ᠶᠢᠨ ᠬᠥᠭᠵᠢᠯᠲᠡ ᠳᠤ ᠠᠭᠤᠰᠤᠯᠴᠠᠭᠤᠯᠤᠭᠰᠠᠨ ᠠᠮᠢᠳᠤᠯᠢᠭ ᠬᠤᠷᠢᠶᠠᠩᠭᠤᠢ ᠳᠦᠷᠰᠦ ᠮᠥᠨ᠃
3.jpg
        ᠠᠮᠠᠷᠠᠯᠲᠠ ᠶᠢᠨ ᠬᠤᠭᠤᠴᠠᠭᠠᠨ ᠤ ᠠᠯᠪᠠᠨ ᠵᠢᠷᠤᠮ ᠤᠨ ᠪᠣᠯᠪᠠᠰᠤᠷᠠᠯ ᠤᠨ ᠠᠩᠭᠢ ᠶᠢ ᠪᠠᠶᠢᠭᠤᠯᠤᠭᠰᠠᠨ ᠨᠢ ᠬᠥᠳᠡᠭᠡ ᠲᠣᠰᠬᠤᠨ ᠤ ᠬᠡᠤᠬᠡᠳ ᠤᠳ ᠲᠤ ᠮᠡᠳᠡᠯᠭᠡ ᠣᠯᠠᠮᠵᠢᠯᠠᠭᠰᠠᠨ ᠢᠶᠠᠷ ᠪᠠᠷᠠᠬᠤ ᠥᠬᠡᠶ᠂ ᠨᠠᠩ ᠴᠤ ᠨᠡᠶᠢᠭᠡᠮ ᠳᠠᠶᠠᠭᠠᠷ ᠲᠤ ᠬᠠᠷᠠᠮ ᠥᠬᠡᠶ ᠵᠣᠷᠢᠭᠤᠯᠬᠤ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠥᠮᠦᠵᠢᠭᠦᠯᠦᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠨᠢᠩᠭᠦᠢ ᠬᠥᠭᠵᠢᠯᠲᠡ ᠶᠢ ᠠᠬᠢᠭᠤᠯᠵᠤ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠠᠶᠢᠷ᠎ᠠ ᠬᠠᠯᠠᠮᠵᠢ ᠪᠠᠷ ᠢᠶᠠᠨ ᠪᠣᠯᠪᠠᠰᠤᠨ ᠢ ᠤᠯᠠᠮᠵᠢᠯᠠᠵᠤ᠂ ᠦᠨᠡᠨ ᠰᠡᠳᠬᠢᠯ ᠢᠶᠠᠷ ᠨᠡᠶᠢᠭᠡᠮ ᠳᠤ ᠬᠤᠪᠢ ᠨᠡᠮᠡᠷᠢ ᠦᠵᠡᠭᠦᠯᠵᠦ᠂ ᠦᠢᠯᠡ ᠠᠵᠢᠯᠯᠠᠭ᠎ᠠ ᠪᠠᠷ ᠢᠶᠠᠨ ᠠᠮᠠᠯᠠᠯᠲᠠ ᠪᠠᠨ ᠪᠡᠶᠡᠯᠡᠭᠦᠯᠦᠨ᠎ᠡ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号