| | 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠤᠬᠠᠭᠤᠯᠭ᠎ᠠ ᠵᠢᠴᠢ ᠬᠤᠷᠢᠶᠠᠨ ᠠᠪᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ | ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠵᠦᠢᠯ ᠤᠨ ᠠᠷᠭ᠎ᠠ ᠵᠠᠮ ᠢ ᠨᠡᠭᠡᠭᠡᠵᠦ᠂ | ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠳᠤ ᠲᠥᠬᠦᠮ ᠦᠵᠡᠭᠦᠯᠵᠦ᠂ | ᠤᠯᠠᠭᠠᠨᠬᠤᠲᠠ ᠶᠢᠨ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ᠂ ᠪᠠᠲᠤᠯᠠᠬᠤ ᠶᠣᠰᠣᠲᠠᠶ ᠶᠢ ᠨᠢ | ᠴᠥᠮ ᠪᠠᠲᠤᠯᠠᠬᠤ︾ ᠶᠢ ᠦᠨᠡᠨ ᠬᠦ ᠪᠡᠶᠡᠯᠡᠭᠦᠯᠵᠡᠢ᠃ | | | | | ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠶᠢᠨ ᠲᠥᠯᠥᠭᠡ᠂ | ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠵᠢᠴᠢ ᠪᠠᠶ ᠸᠠᠩ ᠨᠡᠶᠢᠭᠡᠮ ᠲᠣᠭᠤᠷᠢᠭ ᠤᠨ | ᠠᠵᠢᠯᠲᠠᠳ ᠡᠷᠦᠬᠡ ᠳᠤ ᠬᠦᠷᠴᠦ ᠰᠤᠷᠪᠤᠯᠵᠢᠯᠠᠬᠤ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠨ᠂ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠠᠪᠤᠴᠠ ᠪᠠ | ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠠᠵᠢᠯᠯᠠᠭᠠᠨ ᠤ ᠠᠷᠭ᠎ᠠ ᠶᠢ ᠲᠠᠨᠢᠯᠴᠠᠭᠤᠯᠵᠤ᠂ ᠰᠠᠭᠤᠭᠠᠯᠢ ᠠᠷᠠᠳ ᠤᠨ | ᠮᠡᠳᠡᠬᠦ ᠨᠣᠷᠮ᠎ᠠ ᠪᠠ ᠳᠠᠭᠠᠳᠬᠠᠯ ᠳᠤ ᠣᠷᠣᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠪᠠᠶ ᠸᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠰᠦᠨ ᠱᠤ᠋ ᠶᠢᠩ᠄ ︽ᠠᠵᠢᠯᠲᠠᠨ ᠤ ᠤᠬᠠᠭᠤᠯᠭ᠎ᠠ ᠵᠢᠯᠣᠭᠤᠳᠣᠯᠭ᠎ᠠ ᠳᠣᠤᠷ᠎ᠠ᠂ ᠪᠢ ᠰᠦᠯᠵᠢᠶᠡᠨ ᠳᠡᠭᠡᠷ᠎ᠡ ᠡᠮ | ᠡᠮᠨᠡᠯᠭᠡ ᠶᠢᠨ ᠳᠠᠭᠠᠳᠬᠠᠯ ᠲᠤᠰᠢᠶᠠᠬᠤ ᠶᠢ ᠰᠤᠷᠴᠠᠢ᠂ ᠡᠨᠡ ᠨᠢ ᠨᠠᠩ ᠳᠥᠭᠦᠮ ᠳᠥᠲᠡ ᠪᠣᠯᠵᠠᠢ︾ ᠭᠡᠵᠡᠶ᠃ | | | | | ᠣᠶᠢᠯᠠᠭᠠᠭᠰᠠᠨ ᠢᠶᠠᠷ᠂ 2025 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ | ᠠᠵᠢᠯ ᠢ ᠡᠬᠢᠯᠡᠭᠰᠡᠨ ᠠᠴᠠ ᠨᠠᠭᠠᠰᠢ᠂ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠨᠢᠭᠡᠨᠲᠡ 110 ᠭᠠᠷᠤᠶ | ᠤᠬᠠᠭᠤᠯᠬᠤ ᠠᠵᠢᠯᠲᠠᠨ ᠲᠣᠮᠢᠯᠠᠵᠤ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠲᠦᠷᠦᠭᠦᠯᠡᠨ ᠪᠥᠬᠦ ᠵᠡᠭᠡᠯᠢ ᠶᠢᠨ | ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ ᠤᠬᠠᠭᠤᠯᠭ᠎ᠠ ᠬᠢᠵᠦ᠂ | ᠨᠡᠶᠢᠲᠡ 1000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠣᠳᠣᠬᠠᠨ ᠪᠣᠯᠲᠠᠯ᠎ᠠ᠂ ᠰᠢᠨ᠎ᠡ | ᠬᠤᠲᠠ ᠵᠡᠭᠡᠯᠢ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ 17418 ᠪᠠᠶᠢᠵᠤ᠂ ᠲᠠᠲᠠᠪᠤᠷᠢᠯᠠᠨ ᠲᠤᠰᠢᠶᠠᠭᠰᠠᠨ ᠨᠣᠷᠮ᠎ᠠ 99 % ᠳᠤ | ᠬᠦᠷᠴᠡᠶ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠮᠥᠨ᠂ ᠲᠡᠷᠡ ᠨᠢ ᠣᠯᠠᠨ ᠲᠦᠮᠡᠨ ᠤ ᠡᠷᠡᠭᠦᠯ ᠮᠡᠨᠳᠦ | ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ | ᠭᠦᠢᠴᠡᠳᠭᠡᠬᠦ ᠪᠠᠷ ᠢᠷᠡᠭᠰᠡᠨ ᠰᠠᠭᠤᠭᠠᠯᠢ ᠠᠷᠠᠳ ᠲᠠᠰᠤᠷᠠᠯᠲᠠ ᠥᠬᠡᠶ ᠣᠯᠠᠰᠢᠷᠠᠵᠤ᠂ ᠠᠵᠢᠯᠲᠠᠳ ᠶᠠᠭ ᠰᠠᠭᠤᠭᠠᠯᠢ | ᠠᠷᠠᠳ ᠲᠤ ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ᠂ ᠡᠮ ᠡᠮᠨᠡᠯᠭᠡ ᠶᠢᠨ | ᠳᠠᠭᠠᠳᠬᠠᠯ ᠤᠨ ᠰᠦᠢᠳᠭᠡᠯ ᠲᠤᠰᠢᠶᠠᠭᠰᠠᠨ ᠲᠡᠮᠳᠡᠭᠯᠡᠯ᠂ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠭᠰᠡᠨ ᠲᠡᠮᠳᠡᠭᠯᠡᠯ | ᠵᠡᠷᠭᠡ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠵᠤ ᠥᠭᠬᠦ ᠶᠢᠨ ᠬᠠᠮᠲᠤ᠂ ᠭᠠᠷ ᠤᠲᠠᠰᠤ ᠪᠠᠷ | ᠰᠦᠯᠵᠢᠶᠡᠨ ᠳᠡᠭᠡᠷ᠎ᠡ ᠰᠦᠢᠳᠭᠡᠯ ᠲᠤᠰᠢᠶᠠᠯᠭᠠᠵᠤ᠂ ᠲᠤᠭ᠎ᠠ ᠪᠠᠷᠢᠮᠲᠠ ᠶᠢ ︽ᠢᠯᠡᠭᠦᠦ ᠭᠦᠶᠦᠯᠭᠡᠵᠦ︾᠂ ᠣᠯᠠᠨ | ᠲᠦᠮᠡᠨ ᠢ ︽ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠵᠡᠢ᠃ | | | | | ︽ᠬᠦᠨᠳᠦ ᠶᠡᠭᠡ ᠡᠪᠡᠳᠴᠢᠨ ᠡᠮᠭᠡᠭ ᠪᠤᠶᠤ ᠭᠡᠨᠡᠳᠲᠡ ᠶᠢᠨ ᠰᠠᠨᠠᠭᠠᠨ ᠳᠤ ᠥᠬᠡᠶ ᠶᠠᠪᠤᠳᠠᠯ ᠡᠭᠦᠰᠬᠦ | ᠦᠶ᠎ᠡ ᠳᠤ᠂ ᠡᠮᠴᠢᠯᠡᠭᠡᠨ ᠤ ᠳᠠᠭᠠᠳᠬᠠᠯ ᠨᠢ ᠵᠣᠬᠢᠬᠤ ᠬᠠᠷᠢᠴᠠᠯ ᠢᠶᠠᠷ ᠡᠮᠴᠢᠯᠡᠭᠡᠨ ᠤ ᠵᠠᠷᠤᠳᠠᠯ ᠢ ᠲᠠᠩᠰᠠᠨ ᠠᠴᠠ | ᠭᠠᠷᠭᠠᠵᠤ᠂ ᠬᠤᠪᠢ ᠬᠥᠮᠦᠨ ᠪᠠ ᠬᠡᠷ ᠪᠦᠯᠢ ᠶᠢᠨ ᠠᠵᠤ ᠠᠬᠤᠶ ᠶᠢᠨ ᠳᠠᠷᠤᠯᠲᠠ ᠶᠢ ᠬᠥᠩᠭᠡᠷᠡᠭᠦᠯᠵᠦ ᠪᠣᠯᠤᠨ᠎ᠠ︾᠃ | ᠤᠯᠠᠭᠠᠨᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠲᠠᠲᠠᠪᠤᠷᠢᠯᠠᠨ ᠲᠤᠰᠢᠶᠠᠬᠤ | ᠲᠠᠰᠤᠭ ᠤᠨ ᠳᠠᠷᠤᠭ᠎ᠠ ᠵᠠᠩ ᠶᠠᠩ ᠲᠠᠨᠢᠯᠴᠠᠭᠤᠯᠤᠭᠰᠠᠨ ᠢᠶᠠᠷ᠂ 2025 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠶᠠᠭ ᠶᠠᠪᠤᠭᠳᠠᠵᠤ | ᠪᠠᠶᠢᠨ᠎ᠠ᠂ ᠰᠠᠭᠤᠭᠠᠯᠢ ᠠᠷᠠᠳ ᠸᠢᠴᠠᠲ ᠤᠨ ᠵᠢᠵᠢᠭ ᠫᠷᠤᠭ᠍ᠷᠠᠮ ᠳᠤ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠴᠢᠳᠠᠮᠵᠢ ᠪᠠᠷ 2025 ᠣᠨ ᠤ ᠰᠦᠢᠳᠭᠡᠯ ᠢᠶᠠᠨ | ᠲᠤᠰᠢᠶᠠᠵᠤ ᠪᠣᠯᠤᠨ᠎ᠠ᠃ ᠠᠩᠬᠠᠷᠤᠭᠤᠰᠢᠲᠠᠶ ᠵᠦᠢᠯ ᠭᠡᠪᠡᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠰᠦᠢᠳᠭᠡᠯ ᠲᠤᠰᠢᠶᠠᠬᠤ ᠠᠵᠢᠯ ᠳᠠᠭᠤᠰᠬᠤ ᠡᠳᠦᠷ ᠬᠤᠭᠤᠴᠠᠭ᠎ᠠ ᠪᠣᠯ 2 ᠳ᠋ᠤᠭᠠᠷ ᠰᠠᠷ᠎ᠠ ᠶᠢᠨ 28 ᠤ ᠡᠳᠦᠷ | ᠪᠣᠯᠤᠨ᠎ᠠ᠂ ᠥᠷᠭᠡᠨ ᠣᠯᠠᠨ ᠰᠠᠭᠤᠭᠠᠯᠢ ᠠᠷᠠᠳ ᠠᠯᠢ ᠲᠦᠷᠭᠡᠨ ᠢᠶᠠᠷ ᠰᠦᠢᠳᠭᠡᠯ ᠲᠤᠰᠢᠶᠠᠬᠤ ᠶᠢ ᠬᠦᠰᠡᠵᠦ ᠪᠠᠶᠢᠨ᠎ᠠ | ᠭᠡᠪᠡ᠃ | |