ᠰᠣᠶᠣᠯ ᠤᠨ ᠭᠠᠴᠠᠭ᠎ᠠ ᠲᠣᠰᠬᠤᠨ ᠤ ᠳᠠᠷᠤᠭ᠎ᠠ ᠠᠭᠤᠯᠠ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠦᠯᠢᠭᠡᠷ ᠳᠠᠭᠤᠷᠢᠶᠠᠯ ᠤᠨ ᠬᠦᠴᠦᠨ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2025/3/3
        ᠠᠭᠤᠯᠠ ︵ᠤᠤᠯ ᠨᠡᠷ᠎ᠡ ᠨᠢ ᠵᠤᠤ ᠴᠠᠩ ᠯᠢᠩ︶᠂ ᠮᠤᠩᠭᠤᠯ ᠦᠨᠳᠦᠰᠦᠳᠡᠨ᠂ ᠤᠯᠤᠰ ᠤᠨ ᠨᠢᠭᠡᠳᠦᠭᠡᠷ ᠳᠡᠰ ᠤᠨ ᠲᠦᠷᠪᠡᠨ ᠤᠲᠠᠰᠤᠲᠤ ᠬᠤᠭᠤᠷ ᠲᠣᠭᠯᠠᠭᠴᠢ᠂ ᠠᠶ᠎ᠠ ᠵᠣᠬᠢᠶᠠᠭᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠲᠦᠷᠪᠡᠨ ᠨᠢᠭᠡ ᠪᠦᠯᠦᠭ︾ ᠤᠨ ᠴᠢᠳᠠᠪᠤᠷᠢᠳᠠᠨ ᠤ ᠲᠦᠷᠦᠬᠦᠦ ᠪᠦᠯᠦᠭ ᠤᠨ ᠳᠠᠭᠠᠭᠤᠯᠤᠭᠴᠢ ᠴᠢᠳᠠᠪᠤᠷᠢᠳᠠᠨ᠂ ︽ᠳᠤᠮᠳᠠᠳᠤ ᠤᠯᠤᠰ ᠤᠨ ᠤᠳᠤ ᠦᠶ᠎ᠡ ᠶᠢᠨ ᠳᠦᠷᠪᠡᠨ ᠤᠲᠠᠰᠤᠲᠤ ᠬᠤᠭᠤᠷ ᠤᠨ ᠬᠤᠰᠢᠭᠤᠴᠢ ᠴᠢᠳᠠᠪᠤᠷᠢᠳᠠᠨ︾᠂ ᠳᠤᠮᠳᠠᠳᠤ ᠤᠯᠤᠰ ᠤᠨ ᠬᠥᠭᠵᠢᠮᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠳᠥᠷᠪᠡᠨ ᠤᠲᠠᠰᠤᠲᠤ ᠬᠤᠭᠤᠷᠴᠢᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠥᠷᠪᠡᠨ ᠬᠤᠭᠤᠷ ᠤᠨ ᠤᠷᠠᠯᠢᠭ ᠤᠨ ᠤᠯᠠᠮᠵᠢᠯᠠᠭᠴᠢ᠂ ᠬᠢᠩᠭᠠᠨ ᠠᠶᠢᠮᠠᠭ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠥᠷᠪᠡᠨ ᠤᠲᠠᠰᠤᠲᠤ ᠬᠤᠭᠤᠷ ᠤᠨ ᠣᠨᠴᠠ ᠤᠷᠢᠭᠰᠠᠨ ᠫᠷᠤᠹᠧᠰᠰᠤᠷ᠃ ᠲᠡᠷᠡ ᠪᠣᠯ ᠨᠢᠭᠡᠨ ᠰᠣᠳᠣᠨ ᠤᠷᠠᠯᠢᠭᠴᠢᠨ ᠪᠣᠯᠬᠤ ᠪᠠᠷ ᠪᠠᠷᠠᠬᠤ ᠦᠭᠡᠶ᠂ ᠨᠡᠩ ᠴᠤ ᠨᠢᠭᠡᠨ ᠪᠣᠳᠠᠲᠤ ᠠᠵᠢᠯᠯᠠᠭ᠎ᠠ ᠪᠠᠷ ᠢᠶᠠᠨ ᠯᠧᠶ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠵᠢᠱᠢᠶᠡᠴᠢ ᠮᠦᠨ᠃ ᠤᠯᠠᠨ ᠵᠢᠯ ᠤᠨ ᠲᠤᠷᠰᠢ᠂ ᠠᠭᠤᠯᠠ ᠨᠥᠬᠦᠷ ︽ᠬᠠᠷᠠᠮ ᠦᠭᠡᠢ ᠵᠣᠷᠢᠭᠤᠯᠬᠤ᠂ ᠨᠥᠬᠦᠷᠯᠡᠨ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠵᠦ᠂ ᠤᠷᠠᠯᠢᠭ ᠤᠨ ᠬᠦᠴᠦᠨ ᠢᠶᠠᠷ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠭᠤᠶᠠᠴᠢ ᠦᠭᠡᠢ ᠬᠤᠪᠢ ᠨᠡᠮᠡᠷᠢ ᠪᠠᠷ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠠᠢ᠃
1.jpg2.jpg3.png4.jpg5.jpg6.png7.jpg8.jpg9.jpg
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号