| 2 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠳᠤᠭᠤᠰᠢᠯᠠᠭᠤᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠳᠤ ᠳᠥᠴᠢᠨ | ᠬᠤᠶᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠬᠢᠪᠠ᠃ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠤᠳᠠᠯᠳᠤᠭᠠᠨ ᠤ ᠳᠡᠭᠡᠳᠦ | ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠶᠣᠣ ᠵᠢᠶᠠᠨ ᠮᠢᠩ ︽ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠳᠤᠭᠤᠰᠢᠯᠠᠭᠤᠯᠵᠦ ᠠᠵᠤ ᠠᠬᠤᠶᠢᠯᠠᠯ ᠢ ᠴᠢᠨᠠᠷ ᠰᠠᠶᠢᠲᠠᠢ ᠬᠥᠭᠵᠢᠭᠦᠯᠬᠦ︾ ᠭᠤᠣᠯ ᠰᠡᠳᠦᠪ ᠤᠨ ᠲᠣᠭᠤᠷᠢᠨ ᠳᠤ | ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠲᠠᠶᠢᠯᠤᠮᠵᠢ ᠶᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ | ᠨᠠᠷᠢᠨ ᠪᠣᠳᠠᠲᠠᠶ ᠪᠠᠶᠢᠵᠤ᠂ ᠪᠥᠬᠦ ᠠᠶᠢᠮᠠᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ | ᠤᠯᠠᠮ ᠨᠢᠭᠡ ᠠᠯᠬᠤᠮ ᠳᠥᠯᠭᠢᠨ ᠠᠬᠢᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ | ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ | ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠤ | ᠠᠬᠤᠶᠢᠯᠠᠯ ᠳᠤ ᠦᠢᠯᠡᠴᠢᠯᠡᠬᠦ ᠪᠣᠯ ᠳᠠᠷᠤᠢ ᠬᠥᠭᠵᠢᠯᠲᠡ ᠳᠤ ᠦᠢᠯᠡᠴᠢᠯᠡᠬᠦ︾ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ᠠᠵᠤ ᠠᠬᠤᠶᠢᠯᠠᠯ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠡᠭᠦᠨ ᠤ ᠵᠡᠷᠭᠡᠪᠡᠷ᠂ | ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠢ ᠥᠷᠭᠡᠳᠭᠡᠬᠦ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠠᠯᠬᠤᠴᠠ ᠪᠠᠨ ᠲᠦᠷᠭᠡᠳᠭᠡᠬᠦ ᠶᠢ ᠠᠬᠢᠭᠤᠯᠬᠤ ᠬᠡᠷᠡᠭᠲᠡᠶ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠳ ᠢᠲᠡᠭᠡᠯ ᠵᠣᠷᠢᠭ ᠢᠶᠠᠨ ᠪᠠᠲᠤᠳᠬᠠᠵᠤ᠂ ᠵᠢᠱᠢᠶ᠎ᠡ ᠦᠵᠡᠭᠦᠯᠬᠦ | ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠶ᠃ | ᠲᠠᠶᠢᠯᠤᠮᠵᠢ ᠶᠢ ᠸᠢᠳᠢᠦ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠳᠠ ᠳᠤ ᠶᠠᠪᠤᠭᠳᠠᠭᠤᠯᠵᠠᠢ᠃ ︵ | ᠨᠢᠩᠵᠢᠨ ᠰᠦᠨ ᠴᠢ︶ | |