ᠬᠢᠩᠭᠠᠨ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ︵ᠥᠷᠭᠡᠳᠭᠡᠭᠰᠡᠨ︶ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠭ᠎ᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/5
        2 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ︵ᠥᠷᠭᠡᠳᠭᠡᠭᠰᠡᠨ︶ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠡᠭᠡᠵᠢᠩ ᠦᠪᠦᠷ ᠮᠤᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ ᠬᠠᠮᠲᠤᠷᠠᠭᠰᠠᠨ ᠬᠤᠷᠠᠯ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠠᠩ ᠵᠢᠶ ᠫᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃        ᠬᠤᠷᠠᠯ ᠠᠴᠠ ᠴᠢᠬᠤᠯᠠᠴᠢᠯᠠᠭᠰᠠᠨ ᠨᠢ᠂ ᠪᠡᠭᠡᠵᠢᠩ ᠥᠪᠥᠷ ᠮᠣᠩᠭᠤᠯ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠶᠢᠨ ᠬᠠᠮᠲᠤᠷᠠᠭᠰᠠᠨ ᠬᠤᠷᠠᠯ ᠠᠴᠠ 2025 ᠣᠨ ᠤ ︽ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠳᠤ ᠤᠯᠤᠰ ᠲᠦᠷᠦ ᠶᠢᠨ ᠵᠦᠪᠯᠡᠯᠭᠡᠨ ᠤ ᠬᠦᠴᠦᠨ ᠢ ᠨᠡᠮᠡᠷᠢᠯᠡᠬᠦ︾ ᠠᠵᠢᠯ ᠳᠤ ᠲᠤᠷᠠᠳᠤᠭᠰᠠᠨ ︽ᠲᠦᠷᠪᠡᠨ ᠤᠯᠠᠮ ᠨᠢᠭᠡ ᠠᠯᠬᠤᠮ︾ ᠤᠨ ᠱᠠᠭᠠᠷᠳᠠᠯᠭ᠎ᠠ ᠲᠠᠢ ᠬᠠᠷᠭᠤᠭᠤᠯᠤᠨ᠂ ᠠᠶᠢᠮᠠᠭ ᠬᠤᠰᠢᠭᠤ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯ ᠴᠣᠭᠴᠠ ᠶᠢᠨ ᠦᠢᠯᠡᠳᠦᠯ ᠢ ᠨᠢᠭᠡᠳᠦᠯᠲᠡᠶ ᠲᠥᠯᠥᠪᠯᠡᠨ ᠪᠠᠳᠠᠷᠠᠭᠤᠯᠵᠦ᠂ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ᠨᠠᠮ ᠵᠠᠰᠠᠭ ᠤᠨ ᠬᠠᠯᠠᠮᠵᠢᠯᠠᠵᠤ ᠪᠠᠶᠢᠭ᠎ᠠ᠂ ᠤᠯᠤᠰ ᠲᠥᠷᠥ ᠶᠢᠨ ᠵᠥᠪᠯᠡᠯᠭᠡᠨ ᠤ ᠬᠢᠵᠦ ᠪᠣᠯᠬᠤᠶᠢᠴᠠ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠴᠦ ᠨᠡᠮᠡᠷᠢᠯᠡᠬᠦ ᠴᠢᠭᠯᠡᠯ ᠪᠠ ᠭᠤᠤᠯᠳᠠᠯᠭ᠎ᠠ ᠶᠢ ᠨᠠᠷᠢᠨ ᠬᠢᠨᠠᠮᠠᠭᠠᠶ ᠪᠣᠳᠣᠯᠬᠢᠯᠠᠨ ᠰᠦᠪᠡᠭᠴᠢᠯᠡᠵᠦ᠂ ᠠᠵᠢᠯ ᠤᠨ ᠲᠥᠰᠦᠯ ᠲᠣᠭᠲᠠᠭᠠᠨ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ᠪᠣᠳᠠᠲᠠᠶ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠤᠳᠤᠷᠬᠠᠢ ᠪᠤᠯᠭᠠᠨ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠨᠡᠨ ᠪᠣᠳᠠᠲᠠᠶ ᠠᠮᠵᠢᠯᠲᠠ ᠪᠦᠲᠦᠮᠵᠢ ᠪᠠᠷ ᠢᠶᠠᠨ ᠠᠵᠢᠯ ᠤᠨ ᠦᠷ᠎ᠡ ᠪᠦᠲᠦᠮᠵᠢ ᠪᠠᠨ ᠲᠡᠭᠡᠭᠰᠢᠯᠡᠬᠦᠯᠬᠦ ᠬᠡᠷᠡᠭᠳᠡᠢ᠃ ᠪᠠᠶᠢᠩᠭᠤᠵᠢᠬᠰᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠪᠡᠭᠡᠵᠢᠩ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠲᠠᠢ ᠢᠳᠡᠪᠬᠢᠲᠡᠢ ᠬᠠᠷᠢᠯᠴᠠᠨ ᠵᠣᠯᠭᠠᠭᠤᠯᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ ᠲᠦᠷᠦ ᠶᠢᠨ ᠵᠦᠪᠯᠡᠯᠭᠡᠨ ᠬᠦᠴᠦᠨ ᠨᠡᠮᠡᠷᠢᠯᠡᠬᠦ︾ ᠠᠵᠢᠯ ᠢ ᠦᠷᠬᠦᠯᠵᠢᠯᠡᠨ ᠬᠦᠨᠵᠡᠭᠡᠶᠢᠷᠡᠬᠦᠯᠦᠨ ᠪᠤᠳᠠᠳᠠᠶᠢᠵᠢᠭᠤᠯᠬᠤ ᠬᠡᠷᠡᠭᠳᠡᠢ ᠭᠡᠵᠡᠢ᠃ ︵ᠰᠢᠤᠢ ᠸᠧᠨ ᠵᠢᠶᠦ᠋ᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号