ᠬᠢᠩᠭᠠᠨ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/5
        2 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠰᠦᠭᠡ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠪᠥᠬᠦ ᠤᠯᠤᠰ᠂ ᠪᠥᠬᠦ ᠣᠷᠣᠨ ᠤ ᠨᠢᠭᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ ᠶᠢᠨ ᠬᠤᠷᠠᠯ ᠪᠠ ᠨᠠᠮ ᠤᠨ ᠲᠦᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ ᠵᠢᠭᠠᠨ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠭᠤᠣᠯᠳᠠᠯᠭ᠎ᠠ ᠶᠢᠨ ᠲᠣᠭᠤᠷᠢᠨ ᠳᠤ ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ᠃ ᠰᠢᠨ᠎ᠡ ᠨᠢᠭᠡ ᠵᠢᠯ ᠳᠤ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠰᠢᠰᠲ᠋ᠧᠮ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠢ ᠡᠵᠡᠮᠳᠡᠵᠦ᠂ ᠨᠢᠭᠡᠳᠦᠮᠡᠯ ᠹᠷᠣᠨᠲ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠪᠦᠬᠦ ᠠᠶᠢᠮᠠᠭ ᠤᠨ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠳᠠᠢ ᠬᠦᠭᠵᠢᠯᠳᠡ ᠳᠤ ᠨᠢᠭᠡᠳᠦᠮᠡᠯ ᠹᠷᠤᠨᠲ ᠤᠨ ᠬᠦᠴᠦᠨ ᠢᠶᠠᠨ ᠡᠷᠬᠦᠬᠦ ᠬᠡᠷᠡᠭᠳᠡᠢ ᠭᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠠᠶᠢᠩᠭᠤᠵᠢᠭᠤᠯᠤᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠰᠤᠷᠤᠯᠴᠠᠯᠭ᠎ᠠ ᠶᠢᠨ ᠲᠣᠭᠲᠠᠴᠠ ᠶᠢ ᠪᠠᠶᠢᠭᠤᠯᠵᠦ᠂ ᠨᠢᠭᠡᠳᠦᠮᠡᠯ ᠹᠷᠣᠨᠲ ᠤᠨ ᠭᠡᠰᠢᠬᠦᠨ ᠪᠣᠯᠤᠨ ᠬᠠᠷᠢᠯᠴᠠᠵᠤ ᠪᠠᠶᠢᠭ᠎ᠠ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠤᠨᠤᠯ ᠢᠶᠠᠷ ᠰᠡᠳᠭᠢᠯ ᠢ ᠨᠢᠭᠲᠠᠷᠠᠭᠤᠯᠵᠤ ᠰᠦᠭ ᠰᠦᠨᠡᠰᠦ ᠶᠢ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠤᠨᠤᠯ ᠤᠨ ᠰᠤᠳᠤᠯᠭᠠᠨ᠂ ᠤᠬᠠᠭᠤᠯᠭ᠎ᠠ ᠬᠥᠮᠦᠵᠢᠯ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠪᠣᠯᠤᠨ ︽ᠬᠤᠶᠠᠷ ᠣᠷᠣᠨ ᠨᠢᠭᠡ ᠴᠤᠩᠬᠤᠪᠴᠢ︾ ᠶᠢᠨ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠨᠢᠭᠳᠠᠷᠠᠭᠰᠠᠨ᠂ ᠦᠷᠭᠡᠨ ᠲᠡᠯᠭᠡᠷ ᠬᠠᠷᠢᠯᠴᠠᠭ᠎ᠠ ᠲᠠᠢ ᠪᠠᠶᠢᠬᠤ ᠲᠠᠪᠠᠭᠤᠯᠢᠭ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠬᠦ ᠬᠡᠷᠡᠭᠲᠡᠢ᠃ ᠮᠠᠨ ᠤ ᠤᠯᠤᠰ ᠤᠨ ᠱᠠᠰᠢᠨ ᠰᠤᠷᠲᠠᠬᠤᠨ ᠤ ᠠᠵᠢᠯ ᠢ ᠳᠤᠮᠳᠠᠳᠤ ᠤᠯᠤᠰᠴᠢᠯᠠᠬᠤ ᠶᠢ ᠰᠢᠰᠲ᠋ᠧᠮ ᠲᠠᠢ ᠠᠬᠢᠭᠤᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠦ᠂ ᠠᠰᠠᠭᠤᠳᠠᠯ ᠤᠨ ᠭᠡᠮ ᠰᠤᠭᠤᠭ ᠤᠨ ᠰᠢᠨ᠎ᠡ ᠶᠢ ᠡᠵᠡᠮᠳᠡᠬᠦ᠂ ᠬᠠᠭᠤᠴᠢᠨ ᠢ ᠵᠠᠰᠠᠬᠤ᠂ ᠬᠤᠪᠢᠷᠠᠬᠤ ᠠᠴᠠ ᠰᠡᠷᠭᠡᠶᠢᠯᠡᠬᠦ ᠶᠢ ᠪᠡᠶᠡᠯᠡᠬᠦᠯᠬᠦ ᠬᠡᠷᠡᠭᠳᠡᠢ᠃ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠤᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠴᠢᠨᠠᠭᠰᠢᠳᠠ ᠪᠠᠬᠢᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃        ᠬᠤᠷᠠᠯ ᠠᠴᠠ ︽ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠵᠡᠢ᠃ ︵ᠵᠠᠩ ᠸᠧᠢ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号