ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2025/3/5
        2 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠰᠦᠭᠡ ᠠᠶᠢᠮᠠᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠦᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠶᠡᠷᠦᠩᠬᠡᠶ ᠰᠠᠶᠢᠳ ᠯᠢ ᠴᠢᠶᠠᠩ ᠤᠨ ᠬᠢᠨᠠᠨ ᠪᠤᠳᠤᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ ᠵᠢᠭᠠᠨ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠬᠢᠨᠠᠨ ᠪᠤᠳᠤᠬᠤ ᠪᠠᠶᠢᠭᠤᠯᠭ᠎ᠠ ᠬᠠᠤᠯᠢ ᠶᠣᠰᠣᠭᠠᠷ ᠬᠢᠨᠠᠨ ᠪᠤᠳᠤᠬᠤ ᠬᠢᠨᠠᠯᠲᠠ ᠶᠢᠨ ᠡᠬᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠭᠡᠵᠦ᠂ ︽ᠠᠵᠦ ᠠᠬᠤᠢ ᠶᠢᠨ ᠪᠡᠶ᠎ᠡ ᠶᠢᠨ ᠪᠠᠶᠢᠴᠠᠭᠠᠯᠳᠠ︾ ᠶᠢ ᠪᠦᠬᠦ ᠲᠠᠯ᠎ᠠ ᠪᠠᠷ ᠰᠠᠶᠢᠳᠤᠷ ᠬᠢᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡ ᠵᠢᠯ ᠳᠤ᠂ ᠪᠥᠬᠦ ᠠᠶᠢᠮᠠᠭ ᠤᠨ ᠬᠢᠨᠠᠨ ᠪᠤᠳᠤᠬᠤ ᠪᠠᠶᠢᠭᠤᠯᠭ᠎ᠠ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠴᠢ ᠵᠣᠷᠢᠭ ᠢᠶᠠᠨ ᠬᠥᠪᠴᠢᠯᠡᠵᠦ᠂ ᠴᠢᠨᠠᠷ ᠰᠠᠶᠢᠲᠠᠶ ᠬᠢᠨᠠᠨ ᠪᠤᠳᠤᠬᠤ ᠬᠢᠨᠠᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠳᠡᠢ ᠭᠡᠵᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠠᠶᠢᠮᠠᠭ ᠤᠨ ᠬᠢᠨᠠᠨ ᠪᠤᠳᠤᠬᠤ ᠪᠠᠶᠢᠭᠤᠯᠭ᠎ᠠ ᠶᠡᠷᠦᠩᠭᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ︽ᠵᠤᠷᠢᠭᠰᠠᠨ ᠢᠶᠠᠷ ᠢᠶᠠᠨ ᠵᠢᠯᠤᠭᠤᠳᠬᠤ᠂ ᠰᠡᠬᠦᠳᠡᠷ ᠮᠡᠳᠦ ᠲᠠᠭᠠᠬᠤ᠂ ᠠᠶᠤᠩᠭ᠎ᠠ ᠨᠢᠵᠢᠬᠢᠨᠡᠬᠦ‍ ᠰᠢᠭ︾ ᠭᠡᠬᠦ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠢᠨᠠᠨ ᠪᠤᠳᠤᠬᠤ ᠬᠢᠨᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠵᠠᠰᠠᠭ ᠤᠨ ᠵᠠᠷᠯᠢᠭ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ ᠶᠢ ᠲᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠳᠠ ᠬᠡᠷᠡᠭᠯᠡᠯᠳᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ᠂ ᠤᠯᠤᠰ ᠤᠨ ᠥᠮᠴᠢᠯᠡᠯᠳᠤ ᠠᠵᠤ ᠠᠬᠤᠶᠢᠯᠠᠯ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠲᠦᠷᠦᠯ ᠵᠦᠢᠯ ᠪᠠ ᠡᠷᠬᠡ ᠶᠢ ᠵᠢᠷᠤᠮᠵᠢᠭᠤᠯᠤᠨ ᠠᠵᠢᠯᠯᠠᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠤᠭᠤᠷᠢᠨ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠦ᠂ ᠬᠢᠨᠠᠨ ᠪᠤᠳᠤᠬᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠯᠴᠡᠨ ᠬᠠᠮᠵᠢᠯᠴᠠᠬᠤ ᠶᠢ ᠭᠦᠨᠵᠡᠭᠡᠶᠢᠷᠡᠭᠦᠯᠵᠦ᠂ ᠬᠢᠨᠠᠨ ᠪᠤᠳᠤᠬᠤ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠭᠵᠢᠯᠲᠡ ᠳᠤ ᠪᠦᠬᠦ ᠲᠠᠯ᠎ᠠ ᠨᠡᠩ ᠰᠠᠶᠢᠨ ᠦᠢᠯᠡᠴᠢᠯᠡᠵᠦ ᠪᠠᠲᠤᠯᠠᠬᠤ ᠬᠡᠷᠡᠭᠲᠡᠢ ᠭᠡᠵᠡᠢ᠃        ᠬᠤᠷᠠᠯ ᠠᠴᠠ ᠱᠠᠭᠠᠷᠳᠠᠭᠰᠠᠨ ᠨᠢ᠂ ᠪᠦᠬᠦ ᠠᠶᠢᠮᠠᠭ ᠤᠨ ᠬᠢᠨᠠᠨ ᠪᠤᠳᠤᠬᠤ ᠪᠠᠶᠢᠭᠤᠯᠭ᠎ᠠ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠢᠨᠠᠨ ᠪᠤᠳᠤᠬᠤ ᠵᠠᠬᠢᠷᠭ᠎ᠠ ᠶᠢᠨ ︽ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠳᠡᠭᠡᠭᠰᠢᠯᠡᠭᠦᠯᠬᠦ ᠣᠨ︾ ᠪᠠ ᠬᠢᠨᠠᠨ ᠪᠤᠳᠤᠬᠤ ᠲᠢᠩᠬᠢᠮ ᠤᠨ ︽ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠡᠭᠦᠳᠬᠦ ᠣᠨ︾ ᠤ ᠠᠵᠢᠯᠯᠠᠭ᠎ᠠ ᠪᠠᠷ ᠵᠢᠯᠤᠭᠤᠳᠤᠮᠵᠢ ᠪᠤᠯᠭᠠᠵᠦ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠠᠵᠢᠯ ᠤᠨ ᠲᠠᠯ᠎ᠠ ᠪᠠᠷ ᠴᠢᠳᠠᠮᠠᠭᠠᠢ᠂ ᠰᠤᠷᠲᠠᠯ ᠤᠨ ᠲᠠᠯ᠎ᠠ ᠪᠠᠷ ᠪᠠᠲᠤ ᠴᠢᠩᠭ᠎ᠠ᠂ ᠨᠠᠮ ᠪᠠ ᠠᠷᠠᠳ ᠲᠦᠮᠡᠨ ᠳᠡᠭᠡᠨ ᠢᠲᠡᠭᠡᠯ ᠲᠠᠢ ᠬᠢᠨᠠᠨ ᠪᠤᠳᠤᠬᠤ ᠲᠡᠮᠤᠷ ᠴᠡᠷᠢᠭ ᠢ ᠴᠢᠷᠮᠠᠶᠢᠨ ᠪᠣᠯᠪᠠᠰᠤᠷᠠᠭᠤᠯᠬᠤ ᠬᠡᠷᠡᠭᠲᠡᠢ ᠭᠡᠵᠡᠢ᠃        ᠬᠤᠷᠠᠯ ᠠᠴᠠ ︽ᠠᠶᠢᠮᠠᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾᠂ ︽2025 ᠣᠨ ᠤ ᠬᠢᠨᠠᠨ ᠪᠤᠳᠤᠬᠤ ᠲᠦᠷᠦᠯ ᠵᠦᠢᠯ ᠢ ᠨᠢᠭᠡᠳᠦᠯᠳᠡᠢ ᠵᠤᠬᠢᠶᠠᠨ ᠪᠠᠶᠢᠭᠤᠯᠬᠤ ᠲᠦᠯᠦᠪᠯᠡᠭᠡ ︵ᠲᠥᠰᠦᠯ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠡᠢ ᠃ ︵ᠵᠠᠩ ᠸᠧᠢ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号