| 2 ᠰᠠᠷ᠎ᠠ ᠶᠢᠨ 28 ᠤ ᠡᠳᠦᠷ᠂ ᠪᠦᠬᠦ ᠠᠶᠢᠮᠠᠭ ᠤᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ | ᠬᠤᠷᠠᠯᠳᠤᠪᠠ᠃ ᠬᠤᠷᠠᠯ ᠠᠴᠠ ᠪᠥᠬᠦ ᠤᠯᠤᠰ᠂ ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ | ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠭᠡᠭᠰᠡᠨ︶ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ | ᠳ᠋ᠦᠩᠨᠡᠨ᠂ ᠣᠳᠣᠬᠠᠨ ᠤ ᠪᠠᠶᠢᠳᠠᠯ ᠢ ᠵᠠᠳᠠᠯᠵᠤ᠂ ᠡᠨᠡ ᠵᠢᠯ ᠤᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠠᠶᠢᠮᠠᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠹᠷᠣᠨᠲ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ | ᠪᠦᠬᠦ ᠨᠠᠮ ᠢ ᠵᠡᠪᠰᠡᠭᠯᠡᠵᠦ᠂ ᠠᠷᠠᠳ ᠲᠦᠮᠡᠨ ᠢ ᠬᠥᠮᠦᠵᠢᠭᠦᠯᠬᠦ ᠲᠡᠷᠢᠭᠦᠨ ᠴᠢᠬᠤᠯᠠ ᠤᠯᠤᠰ ᠲᠥᠷᠥ ᠶᠢᠨ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠦ ᠴᠤᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠣᠶᠣᠯ ᠤᠨ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ | ᠲᠥᠷᠥᠯ ᠲᠡᠮᠳᠡᠭ ᠢ ᠪᠥᠬᠦ ᠬᠦᠴᠦᠨ ᠢᠶᠠᠷ ᠨᠡᠭᠡᠭᠡᠨ ᠬᠦᠭᠵᠢᠬᠦᠯᠵᠦ᠂ ︽ᠵᠢᠷᠭᠤᠭᠠᠨ ᠠᠵᠢᠯᠯᠠᠭ᠎ᠠ︾ ᠳᠤ ᠪᠥᠬᠦ | ᠲᠠᠯ᠎ᠠ ᠪᠠᠷ ᠬᠦᠴᠦᠨ ᠨᠡᠮᠡᠷᠢᠯᠡᠵᠦ᠂ ︽ᠨᠢᠭᠡ ᠭᠤᠤᠯ ᠰᠢᠵᠢᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢᠶᠠᠷ ᠵᠠᠮᠨᠠᠵᠤ ᠲᠤᠮᠳᠠ | ᠲᠦᠪᠰᠢᠨ ᠳᠤ ᠬᠦᠷᠬᠦ︾ ᠲᠠᠯ᠎ᠠ ᠪᠠᠷ ᠨᠠᠩ ᠶᠡᠭᠡ ᠠᠬᠢᠴᠠ ᠲᠠᠢ ᠪᠣᠯᠭᠠᠬᠤ ᠳᠤ ᠪᠠᠲᠤ ᠴᠢᠩᠭ᠎ᠠ ᠦᠵᠡᠯ ᠰᠠᠨᠠᠭᠠᠨ ᠤ | ᠪᠠᠲᠤᠯᠠᠭ᠎ᠠ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ᠂ ᠠᠰᠢᠭᠲᠠᠶ ᠰᠣᠶᠣᠯ ᠤᠨ ᠨᠥᠬᠦᠴᠡᠯ ᠢ ᠬᠠᠩᠭᠠᠬᠤ | ᠬᠡᠷᠡᠭᠳᠡᠢ ᠭᠡᠪᠡ᠃ | ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠦᠵᠡᠯ ᠤᠬᠠᠮᠰᠠᠷ ᠤᠨ | ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠦ᠂ ᠨᠠᠮ ᠤᠨ ᠰᠣᠶᠣᠯ ᠤᠨ ᠤᠳᠤᠷᠢᠳᠬᠤ ᠡᠷᠬᠡ ᠶᠢ | ᠪᠠᠷᠢᠮᠲᠠᠯᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃ ︵ᠰᠢᠤᠢ ᠸᠧᠨ ᠵᠢᠶᠦ᠋ᠨ︶ |