| 3 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ | ᠱᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠾᠧ ᠸᠧᠶ ᠯᠢ ᠬᠤᠷᠠᠯ ᠢ | ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠷᠬᠡᠪᠰᠢ ︽ | ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ | ᠪᠣᠬᠢᠷᠲᠤᠯ ᠦᠭᠡᠢ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠦ ᠪᠠᠬᠢ ᠪᠤᠢ ᠪᠤᠯᠭᠠᠨ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠪᠣᠯᠤᠨ ᠠᠮᠢ ᠠᠬᠤᠢ ᠶᠢᠨ ᠬᠠᠮᠠᠭᠠᠯᠠᠯᠳᠠ ᠶᠢᠨ | ᠦᠷ᠎ᠠ ᠪᠦᠳᠦᠮᠵᠢ ᠵᠡᠷᠭᠡ ᠶᠢ ᠭᠤᠤᠯᠳᠠᠯᠭ᠎ᠠ ᠲᠠᠢ ᠠᠩᠬᠠᠷᠴᠦ᠂ ᠠᠮᠢ ᠠᠬᠤᠢ ᠤᠷᠴᠢᠨ ᠲᠤᠭᠤᠷᠢᠨ ᠢ ᠡᠪᠳᠡᠬᠦ ᠪᠠᠷ | ᠨᠢᠭᠡ ᠴᠠᠭ ᠤᠨ ᠬᠦᠭᠵᠢᠯᠳᠡ ᠶᠢ ᠰᠤᠯᠢᠬᠤ ᠶᠢ ᠶᠠᠭᠠᠬᠢᠭᠰᠠᠨ ᠴᠤ ᠬᠢᠵᠦ ᠪᠤᠯᠬᠤ ᠦᠭᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ | ᠵᠣᠷᠢᠯᠭ᠎ᠠ ᠪᠣᠯ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃ ᠦᠯᠡᠳᠡᠵᠦ ᠪᠠᠶᠢᠭ᠎ᠠ ᠠᠰᠠᠭᠤᠳᠠᠯ ᠢ | ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ︽ | ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠢ ᠠᠰᠠᠭᠤᠳᠠᠯ ᠤᠨ | ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠭᠡᠬᠦ ᠬᠡᠷᠡᠭᠳᠡᠢ᠃ ᠦᠭᠡᠷᠡᠴᠢᠯᠡᠯᠳᠡ ᠬᠢᠬᠦ ᠰᠡᠳᠬᠢᠬᠦᠢ ᠪᠠᠷ | ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠴᠢᠬᠤᠯᠠᠴᠢᠯᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠷᠭ᠎ᠠ ᠪᠠᠷᠢᠯ ᠢ ᠬᠡᠷᠡᠭᠯᠡᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠠᠰᠤ ᠴᠢᠨᠠᠷ ᠦᠷ᠎ᠠ ᠠᠰᠢᠭ ᠢ ᠲᠡᠭᠡᠭᠰᠢᠯᠡᠬᠦᠯᠬᠦ ᠬᠡᠷᠡᠭᠳᠡᠢ᠃ ᠠᠮᠢ ᠠᠬᠤᠢ ᠶᠢᠨ ᠬᠠᠮᠠᠭᠠᠯᠠᠯᠲᠠ ᠶᠢᠨ | ᠪᠡᠯᠡ ᠤᠷᠤᠭᠤᠯᠤᠯᠳᠠ ᠶᠢ ᠪᠠᠳᠤᠯᠠᠵᠦ᠂ ᠬᠦᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ | ᠲᠡᠮᠵᠢᠯᠭᠡ ᠶᠢ ᠴᠢᠩᠭᠠᠳᠬᠠᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠳᠦᠭᠡᠨ | ᠪᠠᠶᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠨᠢᠭᠡᠳᠦᠭᠡᠷ ᠬᠠᠷᠢᠭᠤᠴᠠᠯᠭᠠᠳᠠᠨ ᠪᠡᠶ᠎ᠡ ᠪᠠᠷ ᠢᠶᠠᠨ | ᠠᠳᠬᠤᠵᠦ᠂ ᠪᠣᠳᠠᠲᠠᠶ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠳᠠᠭᠠᠭᠠᠨ | ᠠᠪᠴᠤ᠂ ᠬᠠᠷᠢᠭᠤᠴᠠᠯᠭ᠎ᠠ ᠶᠢ ᠦᠨᠡᠨ ᠬᠦ ᠠᠳᠬᠤᠵᠦ᠂ ᠠᠰᠠᠭᠤᠳᠠᠯ ᠢ ᠰᠠᠶᠢᠳᠤᠷ ᠰᠶᠢᠳᠪᠦᠷᠢᠯᠡᠬᠦ ᠬᠡᠷᠡᠭᠳᠡᠢ᠃ | ᠬᠤᠷᠠᠯ ᠠᠴᠠ ᠱᠠᠭᠠᠷᠳᠠᠭᠰᠠᠨ ᠨᠢ᠂ ᠤᠯᠠᠨ ᠲᠦᠮᠡᠨ ᠲᠠᠢ ᠨᠢᠭᠲᠠ ᠤᠶᠠᠯᠳᠤᠭᠤᠯᠤᠨ᠂ ᠢᠮᠠᠭᠲᠠ ᠤᠯᠠᠨ | ᠲᠦᠮᠡᠨ ᠢ ᠲᠦᠰᠢᠭᠯᠡᠵᠦ᠂ ᠠᠷᠠᠳ ᠲᠦᠮᠡᠨ ᠢ ᠳᠡᠭᠡᠳᠦᠯᠡᠬᠦ ᠶᠢ ᠤᠯᠤᠰ ᠲᠦᠷᠦ ᠶᠢᠨ ᠠᠮᠵᠢᠯᠲᠠ ᠶᠢᠨ ᠦᠵᠡᠯᠲᠡ | ᠪᠤᠯᠭᠠᠬᠤ ᠶᠢ ᠪᠠᠲᠤ ᠪᠠᠬᠢ ᠪᠤᠢ ᠪᠤᠯᠭᠠᠨ᠂ ᠤᠯᠠᠨ ᠲᠦᠮᠡᠨ ᠤ ᠲᠠᠯ᠎ᠠ ᠠᠴᠠ ᠪᠣᠳᠣᠯᠬᠢᠯᠠᠨ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠵᠦ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠪᠠ ᠠᠵᠢᠯ ᠤᠨ ᠰᠠᠨᠠᠭᠤᠯᠭ᠎ᠠ ᠶᠢ ᠰᠣᠨᠣᠰᠴᠤ᠂ ᠡᠬᠦᠨ ᠤ ᠲᠤᠮᠳᠠ ᠠᠴᠠ ᠠᠰᠠᠭᠤᠳᠠᠯ ᠢ ᠰᠶᠢᠳᠪᠦᠷᠢᠯᠡᠬᠦ | ᠠᠷᠭ᠎ᠠ ᠶᠢ ᠡᠷᠢᠵᠦ ᠤᠯᠬᠤ ᠬᠡᠷᠡᠭᠳᠡᠢ ᠭᠡᠪᠡ᠃ | ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃ ︵ᠵᠠᠩ ᠸᠧᠢ ᠨᠠᠨ︶ | |